ᠠᠯᠠᠱᠠ ᠠᠶᠢᠮᠠᠭ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/5/13

    ᠣᠳᠣᠬᠠᠨ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠨᠠᠷᠢᠨ ᠨᠢᠮᠪᠠᠢ ᠲᠣᠬᠢᠷᠠᠭᠤᠯᠤᠨ ᠵᠣᠬᠢᠶᠠᠨ ᠪᠠᠶᠢᠭᠤᠯᠵᠤ᠂ ᠤᠯᠠᠨ ᠵᠦᠢᠯ ᠤᠨ ᠬᠡᠯᠪᠡᠷᠢ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃

    4 ᠳ᠋ᠦ᠋ᠭᠡᠷ ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠠᠯᠠᠱᠠ ᠠᠶᠢᠮᠠᠭ ᠤᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠠᠭᠢ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠪᠠᠨ ᠡᠷᠬᠢᠯᠡᠪᠡ᠃ ᠮᠡᠷᠭᠡᠵᠢᠯᠲᠡᠨ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠲᠡᠷᠡ ᠬᠡᠪ ᠢᠶᠠᠷ ᠨᠢ᠂ ᠪᠦᠯᠦᠭ ᠳᠠᠷᠠᠭᠠᠯᠠᠨ ᠰᠤᠷᠤᠯᠴᠠᠵᠤ᠂ ᠨᠢᠭᠡ ᠤᠳᠠᠭᠠᠨ ᠤ ᠭᠦᠨ ᠭᠦᠨᠵᠡᠭᠡᠢ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ ᠳᠠᠪᠲᠠᠯᠲᠠ ᠶᠢ ᠬᠦᠯᠢᠶᠡᠪᠡ᠃

    ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠳᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠨᠠᠮ ᠤᠨ ᠡᠭᠦᠷ ᠨᠢ ᠥᠪᠥᠷ ᠮᠣᠩᠭᠤᠯ ᠤᠨ ᠠᠬ᠎ᠠ ᠳᠡᠭᠦᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ︾ ᠤᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠬᠥᠷᠳᠡᠬᠦ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠦᠵᠡᠬᠦ᠂ ᠲᠥᠪᠯᠡᠷᠡᠭᠦᠯᠦᠨ ᠰᠤᠷᠤᠯᠴᠠᠵᠤ ᠲᠠᠶᠢᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷ ᠠᠵᠢᠯᠲᠠᠳ ᠲᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠤᠨ ᠥᠭᠡᠷᠡᠴᠢᠯᠡᠯᠲᠡ ᠬᠢᠭᠰᠡᠨ ᠠᠭᠤᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠪᠣᠯᠭᠠᠵᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠦᠷᠭᠦᠯᠵᠢ ᠰᠡᠷᠡᠮᠵᠢᠲᠡᠢ ᠪᠠᠶᠢᠬᠤ᠂ ᠬᠢᠵᠠᠭᠠᠷ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠵᠡᠢ᠃ ᠥᠪᠥᠷ ᠮᠣᠩᠭᠤᠯ ᠤᠨ ᠠᠬ᠎ᠠ ᠳᠡᠭᠦᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠡᠭᠦᠷ ᠤᠨ ᠱᠦᠵᠢ ᠵᠠᠩ ᠰᠢᠶᠣᠣ ᠫᠧᠩ᠄ ︽ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶᠢᠯᠠᠯ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠮᠠᠰᠢ ᠴᠢᠬᠤᠯᠠ ᠶᠤᠮ᠂ ᠬᠤᠶᠢᠰᠢᠳᠠ ᠶᠢᠨ ᠠᠵᠢᠯ ᠳᠤᠮᠳᠠ᠂ ᠪᠢᠳᠡ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠲᠤᠨᠤᠭ ᠲᠥᠬᠦᠭᠡᠷᠦᠮᠵᠢ ᠬᠤᠳᠠᠯᠳᠤᠨ ᠠᠪᠬᠤ᠂ ᠵᠠᠷᠤᠳᠠᠯ ᠢ ᠬᠡᠷᠡᠭᠯᠡᠬᠦ ᠵᠡᠷᠭᠡ ᠲᠠᠯ᠎ᠠ ᠪᠠᠷ ᠬᠠᠤᠯᠢ ᠲᠣᠭᠲᠠᠭᠠᠯ ᠳᠤ ᠨᠡᠶᠢᠴᠡᠬᠦ᠂ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ︾ ᠭᠡᠵᠦ ᠬᠡᠯᠡᠪᠡ᠃

    ᠥᠷᠭᠡᠨ ᠤᠯᠠᠨ ᠨᠠᠮ ᠤᠨ ᠭᠡᠰᠢᠭᠦᠨ ᠤ ᠰᠠᠬᠢᠯᠭ᠎ᠠ ᠪᠠᠲᠤ ᠶᠢᠨ ᠤᠬᠠᠮᠰᠠᠷ ᠬᠢᠭᠡᠳ ᠶᠣᠰᠣ ᠳᠦᠷᠢᠮ ᠤᠨ ᠤᠬᠠᠮᠰᠠᠷ ᠢ ᠤᠯᠠᠮ ᠴᠢᠩᠭᠠᠳᠬᠠᠬᠤ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠪᠠᠳᠠᠢ ᠶᠢᠨ ᠵᠢᠷᠠᠨ ᠪᠠᠯᠭᠠᠰᠤᠨ ᠤ ᠪᠦᠯᠬᠦᠮᠳᠡᠯ ᠨᠡᠶᠢᠭᠡᠮ ᠲᠣᠭᠤᠷᠢᠭ ᠤᠨ ︽ᠵᠢᠵᠢᠭ ᠰᠠᠨᠳᠠᠯᠢ︾ ᠤᠬᠠᠭᠤᠯᠬᠤ ᠳᠤᠭᠤᠶᠢᠯᠠᠩ ︽ᠨᠠᠮ ᠤᠨ ᠳᠠᠭᠤᠨ ᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ ᠨᠠᠮ ᠤᠨ ᠭᠡᠰᠢᠭᠦᠳ ᠲᠤ ︽ᠭᠡᠷ ᠤᠨ ᠡᠭᠦᠳᠡᠨ ᠳᠤ ᠪᠠᠨ ᠰᠤᠷᠤᠯᠴᠠᠬᠤ︾ ᠲᠠᠪᠴᠠᠩ ᠢ ᠪᠠᠶᠢᠭᠤᠯᠵᠤ ᠥᠭᠴᠡᠢ᠃ ᠪᠠᠳᠠᠢ ᠶᠢᠨ ᠵᠢᠷᠠᠨ ᠬᠤᠷᠢᠶᠠᠯᠠᠯ ᠤᠨ ᠲᠠᠯᠠᠪᠠᠢ ᠳᠤ᠂ ᠤᠬᠠᠭᠤᠯᠬᠤ ᠳᠤᠭᠤᠶᠢᠯᠠᠩ ᠤᠨ ᠭᠡᠰᠢᠭᠦᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠲᠠᠶᠢᠯᠪᠤᠷᠢᠯᠠᠵᠤ᠂ ᠵᠥᠪ ᠲᠠᠯ᠎ᠠ ᠶᠢᠨ ᠬᠥᠮᠦᠵᠢᠯ ᠪᠠ ᠪᠤᠷᠤᠭᠤ ᠲᠠᠯ᠎ᠠ ᠶᠢᠨ ᠰᠡᠷᠡᠮᠵᠢᠯᠡᠭᠦᠯᠦᠯ ᠢ ᠤᠶᠠᠯᠳᠤᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠳ ᠢ ᠬᠥᠲᠥᠯᠥᠨ ᠵᠢᠯᠤᠭᠤᠳᠴᠤ ᠪᠠᠶᠢᠭᠠᠳ ᠶᠣᠰᠣ ᠳᠦᠷᠢᠮ ᠤᠨ ᠤᠬᠠᠮᠰᠠᠷ ᠢ ᠨᠢ ᠳᠡᠭᠡᠭᠰᠢᠯᠡᠭᠦᠯᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢ ᠨᠢ ᠪᠠᠬᠢᠵᠢᠭᠦᠯᠵᠦ᠂ ᠬᠠᠤᠯᠢ ᠰᠠᠬᠢᠯᠭ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠭᠤᠯᠪᠠ᠃ ᠲᠣᠰ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠳᠡᠳ᠋ ᠱᠦᠵᠢ ᠴᠧᠨ ᠰᠢᠶᠣᠣ ᠶᠠᠨ᠄ ︽ᠣᠷᠴᠢᠮ ᠤᠨ ᠡᠳᠦᠷ ᠤᠳ ᠲᠤ᠂ ᠪᠢᠳᠡ ᠲᠣᠣᠷ ᠢ ᠠᠰᠢᠭᠯᠠᠨ ᠰᠠᠭᠤᠭᠠᠯᠢ ᠠᠷᠠᠳ ᠤᠨ ᠭᠡᠷ ᠲᠤ ᠬᠦᠷᠴᠦ᠂ ᠨᠠᠮ ᠤᠨ ᠭᠡᠰᠢᠭᠦᠨ ᠣᠯᠠᠨ ᠲᠦᠮᠡᠨ ᠳᠤ ᠣᠶᠢᠯᠠᠭᠠᠮᠵᠢᠲᠠᠢ ᠬᠡᠯᠡ ᠬᠡᠯᠡᠯᠭᠡ ᠪᠠᠷ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ﹀ ᠤᠨ ᠠᠭᠤᠯᠭ᠎ᠠ ᠶᠢ ᠨᠠᠷᠢᠨ ᠲᠠᠶᠢᠯᠪᠤᠷᠢᠯᠠᠵᠤ ᠥᠭᠪᠡ᠃︾ ᠭᠡᠵᠡᠢ᠃

    ᠠᠷᠪᠠᠨ ᠬᠤᠪᠢ ᠶᠢᠨ ᠪᠠᠶᠢᠷᠢᠯᠠᠭᠤᠯᠤᠯᠲᠠ᠂ ᠶᠡᠷᠡᠨ ᠬᠤᠪᠢ ᠶᠢᠨ ᠨᠠᠶᠢᠳᠠᠪᠤᠷᠢᠵᠢᠭᠤᠯᠤᠯᠲᠠ᠃ ᠣᠶᠢᠯᠠᠭᠠᠭᠰᠠᠨ ᠢᠶᠠᠷ᠂ 4 ᠳ᠋ᠦ᠋ᠭᠡᠷ ᠰᠠᠷ᠎ᠠ ᠶᠢᠨ 15 ᠤ ᠡᠳᠦᠷ ᠪᠥᠬᠦ ᠠᠶᠢᠮᠠᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠪᠥᠬᠦ ᠠᠶᠢᠮᠠᠭ ᠤᠨ 6 ᠬᠤᠰᠢᠭᠤ ᠲᠣᠭᠤᠷᠢᠭ᠂ ᠠᠶᠢᠮᠠᠭ ᠤᠨ ᠰᠢᠭᠤᠳ ᠬᠠᠷᠢᠶ᠎ᠠ 71 ᠰᠠᠯᠠᠭ᠎ᠠ ᠮᠥᠴᠢᠷ ᠨᠢᠭᠡᠴᠢ᠂ 1400 ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠵᠦ᠂ ︽ᠲᠥᠪᠯᠡᠷᠡᠭᠦᠯᠦᠨ ᠬᠠᠪᠰᠤᠷᠤᠨ ᠵᠢᠯᠤᠭᠤᠳᠬᠤ + ᠬᠠᠮᠲᠤ ᠪᠠᠷ ᠥᠪᠡᠰᠦᠪᠡᠨ ᠰᠤᠷᠤᠯᠴᠠᠬᠤ + ᠰᠤᠳᠤᠯᠤᠨ ᠶᠠᠷᠢᠯᠴᠠᠬᠤ︾ ᠠᠷᠭ᠎ᠠ ᠶᠢ ᠠᠪᠴᠤ᠂ ᠲᠡᠷᠡ ᠬᠡᠪ ᠢᠶᠠᠷ ᠨᠢ ᠰᠤᠷᠤᠯᠴᠠᠵᠤ᠂ ᠨᠠᠷᠢᠨ ᠬᠢᠨᠠᠮᠠᠭᠠᠢ ᠣᠶᠢᠯᠠᠭᠠᠵᠠᠭᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠲᠥᠪᠯᠡᠷᠡᠭᠦᠯᠦᠨ ᠪᠣᠯᠪᠠᠰᠤᠷᠠᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠳᠣᠷᠣᠭᠰᠢ ᠪᠠᠭᠤᠵᠤ ᠵᠢᠯᠤᠭᠤᠳᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠱᠠᠯᠠᠪᠳᠠᠭᠤᠯᠤᠨ ᠦᠳᠲᠡᠷ ᠲᠦᠷᠭᠡᠨ ᠬᠥᠳᠡᠯᠦᠯᠴᠡᠭᠦᠯᠬᠦ ᠶᠢᠨ ᠬᠠᠮᠲᠤ ︽ᠰᠣᠨᠢᠨ᠂ ᠬᠤᠷᠢᠶ᠎ᠠ᠂ ᠰᠦᠯᠵᠢᠶ᠎ᠡ᠂ ᠸᠢᠴᠠᠲ᠂ ᠦᠵᠦᠭᠦᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢᠳᠤᠯᠢᠭ ᠳᠦᠷᠰᠦᠯᠢᠭ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠪᠠᠷ ᠥᠷᠭᠡᠨ ᠤᠯᠠᠨ ᠨᠠᠮ ᠤᠨ ᠭᠡᠰᠢᠭᠦᠨ ᠤ ︽ᠳᠦᠷᠢᠮ︾ ᠤᠨ ᠠᠭᠤᠯᠭ᠎ᠠ ᠶᠢ ᠣᠶᠢᠯᠠᠭᠠᠬᠤ ᠳᠤ  ᠬᠦᠴᠦᠨ ᠨᠡᠮᠡᠷᠢᠯᠡᠪᠡ᠃

︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠠᠶᠢᠮᠠᠭ ᠤᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠦᠳᠲᠡᠷ ᠲᠦᠷᠭᠡᠨ ᠪᠠᠶᠢᠷᠢᠯᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠣᠨ ᠡᠩ ᠤᠨ ᠨᠠᠮ ᠤᠨ ᠭᠡᠰᠢᠭᠦᠨ ᠤ ︿ᠬᠤᠶᠠᠷ ᠪᠦᠯᠦᠭ ᠬᠥᠮᠥᠰ﹀ ᠤᠨ ᠣᠨᠴᠠᠯᠢᠭ ᠢ ᠡᠵᠡᠮᠳᠡᠨ᠂ ᠪᠠᠶᠢᠩᠭᠤ ᠠᠳᠬᠤᠵᠤ᠂ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ ︿ᠬᠤᠶᠠᠷ ᠪᠠᠶᠢᠩᠭᠤ﹀ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠳ ᠤᠨ ︿ᠳᠦᠷᠢᠮ﹀ ᠢ ᠲᠡᠷᠡ ᠬᠡᠪ ᠢᠶᠠᠷ ᠨᠢ ᠰᠤᠷᠤᠯᠴᠠᠬᠤ ᠶᠢ ᠠᠬᠢᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠪᠠᠲᠤ ᠴᠡᠭᠡᠵᠢᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃︾ ᠭᠡᠵᠦ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠨᠠᠮ ᠤᠨ ᠪᠠᠶᠢᠭᠤᠯᠤᠯᠲᠠ ᠨᠠᠷᠢᠨ ᠪᠢᠴᠢᠭ ᠤᠨ ᠰᠠᠯᠠᠭᠠᠨ ᠤ ᠳᠠᠷᠤᠭ᠎ᠠ ᠯᠢ ᡁᠢ ᠫᠢᠩ ᠬᠡᠯᠡᠪᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ