ᠤᠯᠠᠭᠠᠨᠴᠠᠪ ᠬᠤᠲᠠ ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠪᠠᠭᠤᠯᠭᠠᠵᠤ ᠠᠵᠢᠯ ᠣᠯᠭᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠪᠤᠲᠠᠲᠠᠶᠢᠵᠢᠭᠤᠯᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/5/13

      ᠡᠨᠡ ᠵᠢᠯ ᠡᠬᠢᠯᠡᠭᠰᠡᠨ ᠠᠴᠠ ᠨᠠᠭᠠᠰᠢ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠪᠡᠯᠡ ᠮᠥᠩᠭᠦᠨ ᠤ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠥᠷᠥᠯ ᠤᠨ ᠠᠵᠢᠯ ᠣᠯᠭᠤᠯᠲᠠ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠠᠵᠢᠯ ᠣᠯᠭᠤᠯᠲᠠ ᠶᠢᠨ ᠠᠵᠢᠯ ᠳᠠᠬᠢ ᠳᠡᠮᠵᠢᠯᠭᠡ ᠪᠠ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃

      ᠣᠲᠣ ᠪᠣᠯᠲᠠᠯ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠡᠶᠢᠲᠡ 111212 ᠲᠦᠮᠡᠨ ᠲᠥᠭᠦᠷᠢᠭ ᠤᠨ ᠠᠵᠢᠯ ᠣᠯᠭᠤᠯᠲᠠ ᠶᠢᠨ ᠨᠥᠬᠦᠪᠦᠷᠢ ᠮᠥᠩᠭᠦ ᠪᠠᠭᠤᠯᠭᠠᠪᠠ᠂ ᠡᠲᠡᠭᠡᠷ ᠪᠡᠯᠡ ᠮᠥᠩᠭᠦ ᠶᠢ ᠭᠤᠣᠯᠳᠠᠭᠤ ᠳᠣᠣᠷᠠᠬᠢ ᠭᠤᠷᠪᠠᠨ ᠲᠠᠯ᠎ᠠ ᠳᠤ ᠨᠢᠭᠡᠳᠦᠯᠲᠡᠢ ᠲᠦᠯᠦᠪᠯᠡᠨ ᠬᠡᠷᠡᠭᠯᠡᠨ᠎ᠡ᠄ ᠨᠢᠭᠡ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠳᠤ ᠣᠷᠣᠯᠴᠠᠬᠤ ᠶᠢ ᠳᠡᠮᠵᠢᠵᠦ᠂ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ 16 — 24 ᠨᠠᠰᠤᠨ ᠤ ᠠᠵᠢᠯ ᠣᠯᠣᠭᠠᠳᠤᠢ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠳᠤ ᠣᠷᠣᠯᠴᠠᠪᠠᠯ ᠳᠠᠳᠤᠯᠭ᠎ᠠ ᠶᠢᠨ ᠨᠥᠬᠦᠪᠦᠷᠢ ᠣᠯᠭᠤᠨ᠎ᠠ᠃ ᠬᠤᠶᠠᠷ ᠲᠤ ᠠᠵᠢᠯ ᠣᠯᠬᠤ ᠳᠤ ᠬᠦᠴᠢᠷᠲᠡᠢ ᠬᠦᠮᠦᠰ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠪᠠᠨ ᠴᠢᠩᠭᠠᠳᠬᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠲᠥᠪᠬᠢᠨᠡᠭᠦᠯᠦᠯᠲᠡ ᠶᠢᠨ ᠦᠨᠳᠦᠰᠦᠨ ᠵᠦᠢᠯ ᠢ ᠪᠠᠲᠤᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠣᠯᠭᠤᠨ᠎ᠠ᠃ ᠨᠠᠰᠤ ᠠᠬᠢᠭᠰᠠᠨ ᠠᠵᠢᠯ ᠠᠯᠳᠠᠭᠰᠠᠳ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠲᠤ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠠᠮᠢᠳᠤᠯᠢᠭ ᠢᠶᠠᠷ ᠠᠵᠢᠯ ᠣᠯᠭᠤᠬᠤ ᠵᠡᠷᠭᠡ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠭᠤᠷᠪᠠ ᠳᠤ ᠡᠯ᠎ᠡ ᠭᠠᠵᠠᠷ ᠤᠨ ᠬᠢᠨ ᠤ ᠠᠵᠢᠯ ᠣᠯᠭᠤᠵᠤ ᠦᠢᠯᠡᠰ ᠴᠣᠭᠴᠠᠯᠠᠬᠤ ᠦᠢᠯᠡᠴᠢᠯᠡᠭᠡ ᠥᠷᠨᠢᠭᠦᠯᠬᠦ ᠶᠢ ᠲᠡᠮᠵᠢᠨ᠎ᠠ᠃ ᠦᠢᠯᠡᠰ ᠴᠣᠭᠴᠠᠯᠠᠬᠤ ᠠᠵᠤ ᠦᠢᠯᠡᠰ ᠤᠨ ᠬᠦᠷᠢᠶᠡᠯᠡᠩ᠂ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠵᠡᠷᠭᠡ ᠶᠢᠨ ᠡᠳᠦᠷ ᠲᠤᠲᠤᠮ ᠤᠨ ᠠᠵᠢᠯᠯᠠᠭᠠᠨ ᠢ ᠳᠡᠮᠵᠢᠨ᠎ᠡ︔ ᠲᠣᠮᠣ ᠬᠡᠯᠪᠡᠷᠢ ᠶᠢᠨ ᠤᠷᠢᠵᠤ ᠡᠯᠰᠡᠬᠦ ᠬᠤᠷᠠᠯ᠂ ᠤᠬᠠᠭᠤᠯᠤᠨ ᠲᠠᠶᠢᠯᠪᠤᠷᠢᠯᠠᠬᠤ ᠬᠤᠷᠠᠯ ᠪᠠ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ᠎ᠠ︔ ᠦᠢᠯᠡᠰ ᠴᠣᠭᠴᠠᠯᠠᠬᠤ ᠰᠠᠯᠤᠨ᠂ ᠰᠢᠨ᠎ᠡ ᠶᠢ ᠡᠭᠦᠳᠴᠦ ᠦᠢᠯᠡᠰ ᠴᠣᠭᠴᠠᠯᠠᠬᠤ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃

      ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤ ᠨᠢ ᠬᠤᠪᠢᠶᠠᠷᠢᠯᠠᠨ ᠪᠠᠭᠤᠯᠭᠠᠬᠤ ᠨᠢ ᠤᠯᠠᠭᠠᠨᠴᠠᠪ ᠬᠤᠲᠠ ᠶᠢᠨ ᠡᠯ᠎ᠡ ᠵᠦᠢᠯ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯ ᠤᠨ ᠬᠡᠪ ᠢᠶᠠᠷ ᠶᠠᠪᠤᠭᠳᠠᠬᠤ ᠶᠢ ᠪᠦᠲᠦᠮᠵᠢᠲᠡᠢ ᠪᠠᠲᠤᠯᠠᠵᠤ᠂ ᠣᠯᠠᠨ ᠲᠦᠮᠡᠨ ᠤ ᠠᠵᠢᠯ ᠣᠯᠬᠤ ᠪᠠ ᠦᠢᠯᠡᠰ ᠴᠣᠭᠴᠠᠯᠠᠬᠤ ᠤᠷᠮ᠎ᠠ ᠶᠢ ᠬᠥᠭᠵᠢᠭᠡᠵᠦ᠂ ᠡᠯ᠎ᠡ ᠵᠦᠢᠯ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠪᠤᠲᠠᠲᠠᠶᠢᠵᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ