ᠰᠦᠨ ᠱᠤᠤ ᠴᠧᠩ ᠸᠠᠩ ᠯᠢ ᠰᠢᠶᠠ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠸᠧᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/14

      5 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠸᠧᠢ ᠲᠠᠢ ᠠᠭᠤᠯᠵᠠᠪᠠ᠃

0514孙绍骋 王莉霞会见山东能源集团董事长李伟.jpg




      ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠢ ᠲᠥᠯᠥᠭᠡᠯᠡᠨ ᠯᠢ ᠸᠧᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠪᠣᠯᠣᠨ ᠱᠠᠨᠳᠦ᠋ᠩ ᠤᠨ ᠡᠨᠧᠷᠭᠢ ᠶᠢᠨ ᠪᠦᠯᠦᠭᠯᠡᠯ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠲᠤᠯᠠᠵᠤ᠂ ᠠᠯᠢ ᠤᠯᠠᠨ ᠠᠵᠤ ᠦᠢᠯᠡᠰ ᠤᠨ ᠲᠦᠷᠦᠯ ᠵᠦᠢᠯ ᠢ ᠪᠠᠶᠢᠭᠤᠯᠵᠤ᠂ ᠢᠷᠡᠭᠡᠳᠦᠢ ᠳᠤ ᠬᠠᠮᠲᠤᠷᠠᠯᠴᠠᠭᠠᠨ ᠤ ᠣᠷᠣᠨ ᠵᠠᠢ ᠥᠷᠭᠡᠨ ᠠᠭᠤᠳᠠᠮ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠡᠦᠬᠡ ᠶᠢᠨ ᠦᠯᠡᠳᠡᠭᠳᠡᠯ ᠠᠰᠠᠭᠤᠳᠠᠯ ᠢ ᠳᠠᠷᠤᠶᠢᠬᠠᠨ ᠲᠣᠬᠢᠲᠠᠢ ᠰᠢᠢᠳᠪᠦᠷᠢᠯᠡᠵᠦ᠂ ᠰᠢᠨ᠎ᠡ ᠭᠠᠷᠤᠭ᠎ᠠ ᠳᠡᠭᠡᠷ᠎ᠡ ᠠᠴᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠤᠨ ᠪᠦᠷᠢᠯᠳᠦᠬᠦ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠮᠠᠨ ᠤ ᠣᠷᠣᠨ ᠳᠤ ᠢᠷᠡᠵᠦ ᠪᠡᠯᠡ ᠣᠷᠣᠭᠤᠯᠤᠨ ᠬᠥᠭᠵᠢᠵᠦ ᠪᠠᠶᠢᠭ᠎ᠠ ᠠᠵᠤ ᠠᠬᠤᠶᠢᠯᠠᠯ ᠳᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠷᠢᠯᠴᠠᠬᠤ ᠪᠠ ᠵᠣᠯᠭᠠᠭᠤᠯᠬᠤ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠤᠨᠢᠨ ᠳᠡᠭᠡᠷ᠎ᠡ ᠨᠢ ᠦᠢᠯᠡᠴᠢᠯᠡᠵᠦ᠂ ᠥᠨᠳᠥᠷ ᠪᠦᠲᠦᠮᠵᠢᠲᠡᠶ ᠦᠢᠯᠡᠴᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠲᠥᠭᠦᠮ ᠨᠥᠬᠦᠴᠡᠯ ᠬᠠᠩᠭᠠᠨ᠎ᠠ ᠭᠡᠵᠡᠢ᠃

      ᠯᠢ ᠸᠧᠢ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠪᠠ ᠬᠥᠭᠵᠢᠯᠲᠡ ᠶᠢᠨ ᠲᠥᠯᠦᠪᠵᠢᠭᠦᠯᠭᠡ ᠶᠢ ᠲᠣᠪᠴᠢ ᠲᠠᠨᠢᠯᠴᠠᠭᠤᠯᠪᠠ᠃ ᠲᠡᠷᠡ᠂ ᠪᠢᠳᠡ ᠥᠪᠥᠷ ᠮᠣᠩᠭᠤᠯ ᠳᠤ ᠠᠵᠤ ᠦᠢᠯᠡᠰ ᠢᠶᠠᠨ ᠬᠥᠭᠵᠢᠭᠦᠯᠵᠦ᠂ ᠠᠳᠡᠬᠢ ᠬᠤᠳᠠᠯᠳᠤᠭᠠᠴᠢᠨ ᠢ ᠳᠣᠲᠣᠨᠣᠴᠢᠯᠠᠬᠤ᠂ ᠬᠤᠳᠠᠯᠳᠤᠭᠠᠴᠢᠨ ᠢ ᠴᠢᠬᠤᠯᠠᠴᠢᠯᠠᠬᠤ᠂ ᠬᠤᠳᠠᠯᠳᠤᠭᠠᠴᠢᠨ ᠢ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠪᠠ ᠡᠯ᠎ᠡ ᠵᠦᠢᠯ ᠤᠨ ᠠᠵᠢᠯ ᠦᠢᠯᠡᠰ ᠥᠷᠨᠢᠨ ᠬᠥᠭᠵᠢᠭᠰᠡᠨ ᠰᠠᠶᠢᠨ ᠰᠠᠶᠢᠬᠠᠨ ᠬᠠᠨᠳᠤᠰᠢ ᠶᠢ ᠪᠡᠶᠡᠴᠢᠯᠡᠨ ᠮᠡᠳᠡᠷᠡᠪᠡ᠃ ᠪᠢᠳᠡ ᠥᠪᠥᠷ ᠮᠣᠩᠭᠤᠯ ᠢ ᠬᠠᠮᠤᠭ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠭᠤᠣᠯ ᠰᠠᠭᠤᠷᠢᠨ ᠪᠤᠯᠭᠠᠬᠤ ᠶᠢ ᠪᠠᠷᠢᠮᠲᠠᠯᠠᠵᠤ᠂ ᠨᠡᠭᠦᠷᠡᠰᠦ ᠴᠠᠭᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠣᠶᠤᠨᠴᠢ ᠡᠳ᠋ ᠪᠠᠷᠠᠭᠠᠨ ᠤ ᠭᠦᠢᠯᠭᠡᠭᠡ ᠵᠡᠷᠭᠡ ᠬᠦᠷᠢᠶ᠎ᠡ ᠶᠢᠨ ᠲᠣᠭᠤᠷᠢᠨ ᠳᠤ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠲᠥᠷᠥᠯ ᠵᠦᠢᠯ ᠢ ᠢᠳᠡᠪᠬᠢᠲᠡᠢ ᠪᠠᠶᠢᠷᠢᠰᠢᠭᠤᠯᠤᠨ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠵᠡᠢ᠃

       ᠣᠶᠢᠯᠠᠭᠠᠭᠰᠠᠨ ᠢᠶᠠᠷ᠂ ᠱᠠᠨᠳᠦ᠋ᠩ ᠤᠨ ᠡᠨᠧᠷᠭᠢ ᠶᠢᠨ ᠪᠦᠯᠦᠭᠯᠡᠯ ᠣᠷᠳᠣ ᠬᠤᠭᠤᠴᠠᠭ᠎ᠠ ᠪᠠᠷ ᠥᠪᠥᠷ ᠮᠣᠩᠭᠤᠯ ᠳᠤ ᠦᠨᠳᠦᠰᠦᠯᠡᠵᠦ᠂ ᠮᠠᠨ ᠤ ᠣᠷᠣᠨ ᠳᠤ ᠨᠡᠶᠢᠲᠡ 1510 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 2023 ᠣᠨ ᠳᠤ 620 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ 91 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠲᠤᠰᠢᠶᠠᠵᠤ᠂ ᠢᠷᠡᠬᠦ 5 ᠵᠢᠯ ᠳᠤ 1000 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠶ᠃

      ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ