︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ︾᠎ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/5/15

    3 ᠳ᠋ᠤᠭᠠᠷ ᠰᠠᠷ᠎ᠠ ᠶᠢᠨ 29᠎ ᠤ ᠡᠳᠦᠷ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠣᠭᠠᠨ ᠤ ᠠᠯᠪᠠᠨ ᠭᠡᠷ ᠤᠨ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠭᠤᠯᠤᠮᠵᠢ ᠲᠣᠭᠲᠠᠴᠠ ᠶᠢ ᠰᠢᠯᠢᠳᠡᠭᠵᠢᠭᠦᠯᠦᠨ ᠠᠬᠢᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠮᠡᠳᠡᠭᠳᠡᠯ︾ ︵ᠥᠪᠥᠷ ᠪᠠᠶᠢᠭᠤᠯᠤᠮᠵᠢ ᠣᠷᠣᠨ ᠠᠯᠪᠠᠨ ᠲᠠᠷᠬᠠᠭᠠᠭᠰᠠᠨ ﹇2024﹈ 91 ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠡᠶᠢᠭᠡᠮ ᠤᠨ ᠠᠵᠢᠯ ᠤᠨ ᠬᠡᠯᠲᠡᠰ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠠᠷᠢᠮᠵᠢᠶ᠎ᠠ ᠶᠢ ᠲᠣᠭᠲᠠᠭᠠᠵᠤ᠂ ᠪᠠᠷᠢᠮᠵᠢᠶ᠎ᠠ ᠶᠢ ᠴᠢᠩᠭ᠎ᠠ ᠵᠢᠷᠤᠮᠯᠠᠨ ᠡᠮᠬᠢᠯᠡᠬᠦ ᠶᠢᠨ ᠬᠠᠮᠲᠤ ᠢᠲᠡᠭᠡᠮᠵᠢ ᠶᠢᠨ ᠬᠢᠨᠠᠨ ᠪᠠᠶᠢᠴᠠᠭᠠᠯᠲᠠ ᠬᠢᠵᠦ᠂ ᠵᠢᠷᠭᠤᠭᠠᠨ ᠲᠥᠷᠥᠯ ᠤᠨ 48 ᠠᠵᠤ ᠠᠬᠤᠶᠢᠯᠠᠯ ᠢ ᠪᠠᠭᠲᠠᠭᠠᠭᠰᠠᠨ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ︾᠎ ᠢ ᠭᠠᠷᠭᠠᠪᠠ᠂ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄

    ᠨᠢᠭᠡ ᠳᠤ᠂ ᠮᠠᠨ ᠤ ᠣᠷᠣᠨ ᠳᠤ ᠳᠠᠩᠰᠠᠯᠠᠭᠤᠯᠤᠭᠰᠠᠨ ᠶᠡᠷᠦᠩᠬᠡᠢ ᠬᠡᠯᠲᠡᠰ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠠᠵᠤ ᠦᠢᠯᠡᠰ ᠢ ᠪᠦᠬᠦ ᠤᠯᠤᠰ ᠲᠤ ᠪᠠᠶᠢᠷᠢᠰᠢᠭᠤᠯᠵᠤ᠂ ᠶᠡᠷᠦᠩᠬᠡᠢ ᠬᠡᠯᠲᠡᠰ ᠢ ᠮᠠᠨ ᠤ ᠣᠷᠣᠨ ᠳᠤ ᠰᠢᠯᠵᠢᠭᠦᠯᠦᠨ ᠳᠠᠩᠰᠠᠯᠠᠭᠤᠯᠤᠭᠰᠠᠨ᠂ ᠶᠡᠷᠦᠩᠬᠡᠢ ᠬᠡᠯᠲᠡᠰ ᠨᠢ ᠨᠢᠭᠡᠳᠦᠯᠲᠡᠢ ᠳ᠋ᠦᠩᠨᠡᠨ ᠪᠣᠳᠣᠵᠤ᠂ ᠲᠣᠭᠠᠴᠠᠭ᠎ᠠ ᠬᠢᠭᠰᠡᠨ ᠪᠦᠯᠦᠭᠯᠡᠯᠵᠢᠭᠰᠡᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 3 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠬᠤᠶᠠᠷ ᠲᠤ᠂ ᠬᠡᠲᠦ ᠲᠣᠮᠣ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠳᠠᠷᠤᠢ ᠨᠢᠭᠡᠨᠲᠡ ᠨᠡᠶᠢᠲᠡᠯᠡᠭᠰᠡᠨ ᠳᠡᠯᠡᠬᠡᠢ ᠶᠢᠨ ᠲᠠᠪᠤᠨ ᠵᠠᠭᠤᠨ ᠬᠦᠴᠦᠷᠬᠡᠭ ᠪᠠ ᠳᠤᠮᠳᠠᠳᠤ ᠤᠯᠤᠰ ᠤᠨ ᠲᠠᠪᠤᠨ ᠵᠠᠭᠤᠨ ᠬᠦᠴᠦᠷᠬᠡᠭ ᠲᠤ ᠰᠣᠩᠭᠤᠭᠳᠠᠭᠰᠠᠨ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠵᠢᠴᠢ ᠨᠢᠭᠡᠨᠲᠡ ᠨᠡᠶᠢᠲᠡᠯᠡᠭᠰᠡᠨ ᠵᠢᠯ ᠤᠨ ᠡᠵᠡᠩᠨᠡᠯᠲᠡ ᠶᠢᠨ ᠣᠷᠣᠯᠭ᠎ᠠ ᠨᠢ 150 ᠳ᠋ᠦᠩᠰᠢᠭᠤᠷ ᠲᠥᠭᠦᠷᠢᠭ ᠢ ᠳᠠᠪᠠᠭᠰᠠᠨ ᠥᠪᠡᠷᠲᠡᠭᠡᠨ ᠵᠠᠰᠠᠬᠤ ᠣᠷᠣᠨ ᠤ ᠵᠠᠭᠤᠨ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ︔ ᠨᠡᠶᠢᠲᠡ 16 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠭᠤᠷᠪᠠ ᠳᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠡᠵᠡᠨ ᠪᠣᠯᠬᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠯᠬᠢᠶ᠎ᠡ ᠶᠢᠨ ᠡᠵᠡᠨ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠪᠠ ᠬᠠᠮᠢᠶᠠᠷᠬᠤ ᠠᠷᠭ᠎ᠠ︾᠎ ᠶᠢ ᠦᠨᠳᠦᠰᠦᠯᠡᠵᠦ ᠰᠣᠩᠭᠤᠭᠰᠠᠨ ᠥᠪᠡᠷᠲᠡᠭᠡᠨ ᠵᠠᠰᠠᠬᠤ ᠣᠷᠣᠨ ᠤ 16 ᠵᠤᠷᠪᠤᠰ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠡᠵᠡᠨ ᠠᠵᠤ ᠠᠬᠤᠶᠢᠯᠠᠯ ᠳᠣᠲᠣᠷᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 8 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠳᠥᠷᠪᠡ ᠳᠤ᠂ ᠵᠠᠬ᠎ᠠ ᠳᠡᠯᠭᠡᠭᠦᠷ ᠲᠤ ᠭᠠᠷᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠣᠲᠣ ᠪᠣᠯᠲᠠᠯ᠎ᠠ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠤᠨ ᠳᠣᠲᠣᠷ᠎ᠠ᠂ ᠬᠢᠯᠢ ᠶᠢᠨ ᠳᠣᠲᠣᠷᠠᠬᠢ A ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠥᠭᠡᠳ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠦᠭᠰᠢᠭᠦᠷᠢ ᠶᠢ ᠬᠢᠨᠠᠨ ᠰᠢᠨᠵᠢᠬᠦ ᠨᠡᠷᠡᠰ ᠲᠤ ᠣᠷᠣᠭᠤᠯᠤᠭᠠᠳᠤᠢ ᠠᠵᠤ ᠠᠬᠤᠶᠢᠯᠠᠯ︔ ᠨᠡᠶᠢᠲᠡ 11 ᠡᠷᠦᠬᠡ ᠪᠠᠶᠢᠵᠤ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠵᠠᠬ᠎ᠠ ᠳᠡᠯᠭᠡᠭᠦᠷ ᠤᠨ ᠥᠷᠲᠡᠭ ᠢᠶᠠᠷ ᠵᠢᠭᠰᠠᠭᠠᠪᠠ︔ ᠲᠠᠪᠤ ᠳᠤ᠂ ᠠᠵᠢᠯ ᠲᠥᠷᠥᠯ ᠤᠨ ᠳᠠᠭᠠᠭᠤᠯᠤᠭᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠤᠯᠤᠰ ᠠᠷᠠᠳ ᠤᠨ ᠠᠵᠤ ᠠᠬᠤᠢ ᠶᠢᠨ ᠠᠵᠢᠯ ᠲᠥᠷᠥᠯ ᠢ ᠬᠤᠪᠢᠶᠠᠬᠤ ᠪᠠᠷᠢᠮᠵᠢᠶ᠎ᠠ ᠶᠢ ᠦᠨᠳᠦᠰᠦᠯᠡᠨ᠂ 17 ᠠᠵᠢᠯ ᠲᠥᠷᠥᠯ ᠤᠨ ᠲᠦᠷᠦᠭᠦᠸ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠪᠠᠷ ᠨᠢᠭᠡᠳᠦᠭᠡᠷ ᠲᠤ ᠵᠢᠭᠰᠠᠭᠠᠭᠳᠠᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 4 ᠡᠷᠦᠬᠡ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠳᠠᠷᠠᠭᠠᠯᠠᠯ ᠢᠶᠠᠷ ᠵᠢᠭᠰᠠᠭᠠᠪᠠ᠃ ᠵᠢᠷᠭᠤᠭ᠎ᠠ ᠳᠤ᠂ ᠭᠤᠣᠯᠳᠠᠯᠭ᠎ᠠ ᠲᠠᠢ ᠪᠣᠶᠢᠵᠢᠭᠤᠯᠬᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠄ ᠲᠤᠬᠠᠶᠢᠯᠠᠪᠠᠯ ᠠᠶᠢᠮᠠᠭ ᠬᠤᠲᠠ ᠲᠠᠨᠢᠯᠴᠠᠭᠤᠯᠤᠨ ᠳᠡᠭᠡᠭᠰᠢ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠪᠤᠶᠤ ᠠᠶᠢᠮᠠᠭ ᠬᠤᠲᠠ ᠯᠤᠭ᠎ᠠ ᠪᠠᠶᠢᠯᠳᠤᠬᠤ ᠪᠣᠳᠣᠯᠭ᠎ᠠ ᠶᠢᠨ ᠵᠥᠪᠯᠡᠯᠴᠡᠭᠡᠷ ᠲᠣᠭᠲᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢ᠂ ᠲᠥᠰᠥᠯ ᠢ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠠᠬᠢᠴᠠ ᠨᠢ ᠤᠷᠤᠭᠰᠢᠲᠠᠢ᠂ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠵᠤ ᠳᠡᠶᠢᠯᠬᠦ ᠮᠥᠷᠲᠡᠭᠡᠨ ᠨᠢᠭᠡᠨᠲᠡ ᠮᠠᠨ ᠤ ᠣᠷᠣᠨ ᠳᠤ ᠳᠠᠩᠰᠠᠯᠠᠭᠤᠯᠤᠭᠰᠠᠨ ᠲᠣᠮᠣ ᠬᠡᠯᠪᠡᠷᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ︔ ᠨᠡᠶᠢᠲᠡ 6 ᠡᠷᠦᠬᠡ ᠪᠠᠶᠢᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠵᠢᠭᠰᠠᠭᠠᠪᠠ᠃ ᠳᠡᠭᠡᠷᠡᠬᠢ ᠡᠯ᠎ᠡ ᠲᠥᠷᠥᠯ ᠳᠣᠲᠣᠷᠠᠬᠢ ᠳᠠᠪᠬᠤᠷᠳᠠᠭᠰᠠᠨ ᠠᠵᠤ ᠠᠬᠤᠶᠢᠯᠠᠯ ᠢ ᠤᠷᠢᠳ ᠢᠶᠠᠷ ᠡᠮᠦᠨᠡᠬᠢ ᠲᠥᠷᠥᠯ ᠳᠣᠲᠣᠷ᠎ᠠ ᠢᠯᠡᠷᠡᠭᠦᠯᠦᠭᠰᠡᠨ ᠮᠥᠷᠲᠡᠭᠡᠨ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶᠢᠯᠠᠯ ᠢ ᠪᠠᠭᠲᠠᠭᠠᠭᠰᠠᠨ ᠦᠭᠡᠢ᠃

    ᠡᠳᠦᠭᠡ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ︾᠎ ᠢ ᠨᠡᠶᠢᠲᠡᠯᠡᠪᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠪᠠᠶᠢᠵᠤ᠂ 2024 ᠣᠨ ᠤ 5 ᠳ᠋ᠤᠭᠠᠷ ᠰᠠᠷ᠎ᠠ ᠶᠢᠨ 11᠎ ᠤ ᠡᠳᠦᠷ ᠠᠴᠠ 5 ᠳ᠋ᠤᠭᠠᠷ ᠰᠠᠷ᠎ᠠ ᠶᠢᠨ 16᠎ ᠤ ᠡᠳᠦᠷ ᠪᠣᠯᠲᠠᠯ᠎ᠠ᠃ ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠬᠤᠪᠢ ᠬᠥᠮᠥᠨ᠂ ᠨᠢᠭᠡᠴᠢ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠠᠷᠭ᠎ᠠ ᠪᠠᠷ ᠰᠠᠨᠠᠯ ᠰᠠᠨᠠᠭᠤᠯᠭ᠎ᠠ ᠪᠠᠨ ᠲᠤᠰᠬᠠᠵᠤ ᠪᠣᠯᠣᠨ᠎ᠠ᠃ ᠠᠰᠠᠭᠤᠳᠠᠯ ᠢ ᠲᠤᠰᠬᠠᠬᠤ ᠳᠤ ᠪᠠᠨ ᠦᠨᠡᠨ ᠪᠣᠳᠠᠲᠠᠢ ᠦᠨᠳᠦᠰᠦ ᠪᠠᠷᠢᠮᠲᠠ ᠲᠠᠢ ᠪᠠᠶᠢᠵᠤ᠂ ᠨᠢᠭᠡᠴᠢ ᠶᠢᠨ ᠨᠡᠷ᠎ᠡ ᠪᠠᠷ ᠠᠰᠠᠭᠤᠳᠠᠯ ᠲᠤᠰᠬᠠᠪᠠᠯ᠂ ᠠᠯᠪᠠᠨ ᠲᠠᠮᠠᠭ᠎ᠠ ᠳᠠᠷᠤᠬᠤ ᠬᠡᠷᠡᠭᠲᠡᠢ︔ ᠬᠤᠪᠢ ᠬᠥᠮᠥᠨ ᠤ ᠨᠡᠷ᠎ᠡ ᠪᠠᠷ ᠠᠰᠠᠭᠤᠳᠠᠯ ᠲᠤᠰᠬᠠᠪᠠᠯ᠂ ᠲᠣᠰ ᠬᠥᠮᠥᠨ ᠤ ᠦᠨᠡᠨ ᠪᠣᠳᠠᠲᠠᠢ ᠣᠪᠣᠭ ᠨᠡᠷ᠎ᠡ ᠵᠢᠴᠢ ᠬᠦᠴᠦᠨ ᠪᠦᠬᠦᠢ ᠬᠠᠷᠢᠯᠴᠠᠬᠤ ᠠᠷᠭ᠎ᠠ ᠮᠠᠶ᠋ᠢᠭ ᠵᠡᠷᠭᠡ ᠮᠡᠳᠡᠭᠡ ᠵᠠᠩᠭᠢ ᠪᠠᠨ ᠬᠠᠩᠭᠠᠬᠤ ᠬᠡᠷᠡᠭᠲᠡᠢ᠃ ︽ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ︾ ᠵᠢᠴᠢ ᠪᠠᠷᠢᠮᠵᠢᠶ᠎ᠠ ᠳᠤ ᠪᠥᠬᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳ᠋ᠠᠶᠢᠲ᠋ᠠ ᠶᠢᠨ ᠬᠤᠪᠢᠷᠠᠯᠲᠠ ᠶᠢ ᠦᠨᠳᠦᠰᠦᠯᠡᠨ ᠴᠠᠭ ᠲᠤᠬᠠᠢ ᠳᠤ ᠨᠢ ᠬᠥᠳᠡᠯᠦᠩᠭᠦᠢ ᠲᠣᠬᠢᠷᠠᠭᠤᠯᠵᠤ᠂ ᠪᠠᠷᠢᠮᠵᠢᠶ᠎ᠠ ᠳᠤ ᠰᠢᠨ᠎ᠡ ᠪᠠᠷ ᠬᠦᠷᠦᠭᠰᠡᠨ ᠠᠵᠤ ᠠᠬᠤᠶᠢᠯᠠᠯ ᠢ ᠴᠠᠭ ᠲᠤᠬᠠᠢ ᠳᠤ ᠨᠢ ᠨᠡᠷᠡᠰ ᠲᠤ ᠣᠷᠣᠭᠤᠯᠵᠤ᠂ ᠪᠠᠷᠢᠮᠵᠢᠶ᠎ᠠ ᠠᠴᠠ ᠳᠣᠣᠷ᠎ᠠ ᠠᠵᠤ ᠠᠬᠤᠶᠢᠯᠠᠯ ᠪᠠ ᠵᠥᠪᠯᠡᠯᠴᠡᠭᠡᠷ ᠶᠣᠰᠣᠭᠠᠷ ᠲᠣᠭᠲᠠᠭᠰᠠᠨ ᠬᠤᠭᠤᠴᠠᠭᠠᠨ ᠳᠤ ᠨᠠᠶᠢᠳᠠᠪᠤᠷᠢᠵᠢᠭᠤᠯᠤᠭᠰᠠᠨ ᠦᠭᠡᠢ ᠭᠤᠣᠯᠳᠠᠯᠭ᠎ᠠ ᠲᠠᠢ ᠪᠣᠶᠢᠵᠢᠭᠤᠯᠬᠤ ᠲᠥᠷᠥᠯ ᠤᠨ ᠠᠵᠤ ᠠᠬᠤᠶᠢᠯᠠᠯ ᠢ ᠨᠡᠷᠡᠰ ᠠᠴᠠ ᠰᠢᠯᠵᠢᠭᠦᠯᠦᠨ ᠭᠠᠷᠭᠠᠨ᠎ᠠ᠃

    ᠭᠥᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶᠠᠨ ᠤ ᠶᠡᠷᠦᠩᠬᠡᠶᠢᠯᠡᠭᠰᠡᠨ ᠭᠠᠵᠠᠷ

    ᠬᠠᠷᠢᠯᠴᠠᠬᠤ ᠬᠥᠮᠥᠨ ᠵᠢᠴᠢ ᠤᠲᠠᠰᠤ᠄ ᠴᠧᠨ ᠰᠧ ᠵᠧᠩ 0471-6659401

    ᠳᠠᠭᠠᠯᠳᠤᠭᠤᠯᠤᠯ᠄ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠡᠷᠡᠰ

 

ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ      

ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠪᠴᠢᠶ᠎ᠠ     

2024 ᠣᠨ ᠤ 5 ᠳ᠋ᠤᠭᠠᠷ ᠰᠠᠷ᠎ᠠ ᠶᠢᠨ 11᠎ ᠤ ᠡᠳᠦᠷ    

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ