ᠰᠦᠨ ᠱᠤᠤ ᠴᠧᠩ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠦ᠋ ᠭᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/16

      5 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠦ᠋ ᠭᠠᠩ ᠲᠠᠢ ᠠᠭᠤᠯᠵᠠᠪᠠ᠃


0516孙绍骋会见金风科技股份有限公司董事长武钢.jpg


      ᠰᠦᠨ ᠱᠤᠤ ᠴᠧᠩ ᠡᠩ ᠲᠡᠷᠢᠭᠦᠨ ᠳᠤ ᠦ᠋ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠶᠠᠭ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ ᠰᠢᠨ᠎ᠡ ᠡᠨᠧᠷᠭᠢ ᠶᠢ ᠲᠦᠷᠭᠡᠳᠬᠡᠨ ᠬᠥᠭᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ ᠠᠵᠢᠯ ᠢ ᠠᠬᠢᠭᠤᠯᠵᠤ᠂ ᠲᠤᠬᠠᠢ ᠶᠢᠨ ᠭᠠᠵᠠᠷ ᠲᠤᠨᠢ ᠰᠢᠩᠭᠡᠬᠡᠨ ᠬᠡᠷᠡᠭᠯᠡᠬᠦ ᠶᠢ ᠥᠷᠭᠡᠳᠬᠡᠵᠦ ᠪᠤᠶ᠃ ᠥᠪᠥᠷ ᠮᠣᠩᠭᠤᠯ ᠪᠣᠯᠣᠨ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠪᠥᠭᠡᠳ ᠪᠠᠰᠠ ᠮᠠᠰᠢ ᠣᠯᠠᠨ ᠬᠠᠮᠲᠤ ᠶᠢᠨ ᠲᠠᠨᠢᠯᠲᠠ ᠲᠠᠢ ᠶᠤᠮ᠂ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠵᠣᠯᠭᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ᠂ ᠲᠣᠨᠣᠭᠯᠠᠯ ᠦᠢᠯᠡᠳᠬᠦ᠂ ᠰᠢᠨ᠎ᠡ ᠭᠡᠯᠪᠡᠷᠢ ᠶᠢᠨ ᠡᠨᠧᠷᠭᠢ ᠨᠥᠭᠡᠴᠡᠯᠡᠬᠦ᠂ ᠪᠣᠬᠢᠷᠳᠤᠯ ᠦᠭᠡᠢ ᠴᠠᠭᠢᠯᠭᠠᠨ ᠢ ᠰᠢᠩᠭᠡᠭᠡᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠲᠠᠯ᠎ᠠ ᠶᠢᠨ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠦᠷ᠎ᠡ ᠪᠦᠲᠦᠭᠡᠯ ᠣᠯᠬᠤ ᠶᠢ ᠬᠦᠰᠡᠵᠦ ᠪᠠᠶᠢᠨ᠎ᠠ᠃ ᠥᠪᠥᠷ ᠮᠣᠩᠭᠤᠯ ᠤᠨ ᠴᠠᠭᠢᠯᠭᠠᠨ ᠬᠦᠴᠦᠨ ᠤ ᠪᠦᠯᠦᠭᠯᠡᠯ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠠᠵᠢᠯᠯᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠭᠢᠯᠭᠠᠨ ᠲᠣᠣᠷ ᠢ ᠦᠨᠡᠨ ᠬᠦ ᠬᠦᠴᠦᠷᠬᠡᠭᠵᠢᠭᠦᠯᠦᠨ ᠰᠠᠶᠢᠲᠤᠷ ᠪᠠᠶᠢᠭᠤᠯᠵᠤ᠂ ᠨᠡᠩ ᠨᠡᠭᠡᠭᠡᠯᠲᠡᠲᠤ ᠣᠪᠣᠷ ᠪᠠᠶᠢᠳᠠᠯ ᠢᠶᠠᠷ ᠰᠢᠨ᠎ᠡ ᠡᠨᠧᠷᠭᠢ ᠶᠢᠨ ︽ᠬᠡᠯᠬᠢᠶ᠎ᠡ ᠶᠢᠨ ᠭᠤᠣᠯᠯᠠᠭᠴᠢ︾ ᠠᠵᠤ ᠠᠬᠤᠶᠢᠯᠠᠯ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠪᠠᠷ ᠬᠥᠭᠵᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠠᠵᠢᠯ ᠤᠨ ᠲᠣᠭᠲᠠᠴᠠ ᠶᠢ ᠰᠤᠳᠤᠯᠤᠨ ᠪᠠᠶᠢᠭᠤᠯᠵᠤ᠂ ᠲᠤᠰᠬᠠᠢ ᠪᠠᠶᠢᠭᠤᠯᠤᠮᠵᠢ ᠶᠢ ᠲᠣᠭᠲᠠᠭᠠᠵᠤ᠂ ᠲᠥᠪ ᠤᠨ ᠠᠵᠤ ᠠᠬᠤᠶᠢᠯᠠᠯ ᠪᠣᠯᠣᠨ ᠣᠷᠣᠨ ᠤ ᠭᠠᠳᠠᠨᠠᠬᠢ ᠤᠯᠤᠰ ᠤᠨ ᠦᠮᠴᠢᠯᠡᠯ ᠤᠨ ᠠᠵᠤ ᠠᠬᠤᠶᠢᠯᠠᠯ ᠯᠤᠭ᠎ᠠ ᠨᠡᠩ ᠰᠠᠶᠢᠲᠤᠷ ᠬᠠᠷᠢᠯᠴᠠᠵᠤ ᠲᠡᠳᠡᠨ ᠳᠤ ᠦᠢᠯᠡᠴᠢᠯᠡᠬᠦ ᠬᠡᠷᠡᠭᠲᠡᠢ ᠭᠡᠵᠡᠢ᠃

      ᠦ᠋ ᠭᠠᠩ ᠠᠴᠠ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠮᠡᠷᠭᠡᠵᠢᠯ ᠤᠨ ᠪᠣᠭᠤᠮᠲᠠ ᠰᠢᠪᠲᠤᠯᠤᠯᠲᠠ ᠵᠡᠷᠭᠡ ᠬᠤᠯᠪᠣᠭᠳᠠᠯ ᠪᠦᠬᠦᠢ ᠪᠠᠶᠢᠳᠠᠯ ᠢᠶᠠᠨ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠬᠢᠨ ᠰᠠᠯᠬᠢ ᠭᠡᠷᠡᠯ ᠤᠨ ᠡᠬᠢ ᠪᠠᠶᠠᠯᠢᠭ ᠤᠨ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠪᠠᠷ ᠪᠠᠷᠠᠬᠤ ᠦᠭᠡᠢ ᠰᠠᠯᠬᠢᠨ ᠬᠦᠴᠦᠨ ᠤ ᠴᠠᠭᠢᠯᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠠᠯᠬᠢᠨ ᠬᠦᠴᠦᠨ ᠤ ᠴᠠᠭᠢᠯᠭᠠᠨ ᠤ ᠲᠤᠷᠰᠢᠯᠲᠠ ᠶᠢᠨ ᠲᠠᠯᠠᠪᠤᠷ᠂ ᠡᠨᠧᠷᠭᠢ ᠶᠢᠨ ᠢᠨᠲ᠋ᠧᠷ ᠰᠦᠯᠵᠢᠶ᠎ᠡ᠂ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠴᠠᠭᠢᠯᠭᠠᠨ ᠤ ᠡᠬᠢ ᠰᠤᠷᠪᠤᠯᠵᠢ ᠶᠢ ᠮᠥᠷᠳᠡᠬᠦ ᠪᠠ ᠨᠡᠭᠦᠷᠡᠰᠦᠲᠥ᠋ᠷᠥᠭᠴᠢ ᠶᠢ ᠪᠠᠭᠠᠰᠬᠠᠬᠤ ᠭᠡᠷᠡᠴᠢᠯᠡᠯ ᠵᠡᠷᠭᠡ ᠶᠢ ᠠᠬᠢᠭᠤᠯᠬᠤ ᠲᠠᠯ᠎ᠠ ᠪᠠᠷ ᠮᠠᠰᠢ ᠣᠯᠠᠨ ᠳᠠᠪᠠᠭᠤᠯᠢᠭ ᠨᠥᠬᠦᠴᠡᠯ ᠲᠠᠢ ᠶᠤᠮ᠃ ᠵᠢᠨᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠤᠮᠫᠠᠨᠢ ᠶᠢᠨ ᠬᠢᠨ ᠥᠪᠥᠷ ᠮᠣᠩᠭᠤᠯ ᠳᠤ ᠭᠦᠨ ᠦᠨᠳᠦᠰᠦᠯᠡᠵᠦ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠮᠲᠤᠷᠠᠯᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠨᠡᠨ ᠪᠣᠳᠠᠲᠠᠢ ᠠᠬᠢᠭᠤᠯᠵᠤ᠂ ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠵᠡᠢ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠣᠣ ᠶᠦᠩ ᠪᠦᠸᠧ ᠠᠭᠤᠯᠵᠠᠯᠲᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ