ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠮᠥᠩᠭᠦ ᠪᠠᠷ ᠢᠶᠠᠨ ᠰᠠᠳᠤᠨ ᠲᠦᠷᠦᠯ ᠳᠤ ᠪᠠᠨ ᠡᠮ ᠬᠤᠳᠠᠯᠳᠤᠨ ᠠᠪᠴᠤ ᠥᠭᠴᠦ ᠪᠣᠯᠬᠤ ᠦᠦ︖
ᠨᠡᠶᠢᠲᠡᠯᠡᠭᠰᠡᠨ ᠴᠠᠭ᠄
2024/5/17

      ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠶᠢᠮᠦᠷᠬᠦᠦ ᠵᠢᠭᠠᠬᠠᠨ ᠶᠠᠪᠤᠳᠠᠯ ᠢ ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠬᠡᠭᠳᠡᠨ᠎ᠡ︕︾ ᠭᠡᠬᠦ ᠵᠣᠬᠢᠶᠠᠯ ᠢ ᠨᠡᠶᠢᠲᠡᠯᠡᠭᠰᠡᠨ ᠤ ᠳᠠᠷᠠᠭ᠎ᠠ᠂ ᠰᠦᠯᠵᠢᠶᠡᠴᠢᠳ ᠤᠨ ᠠᠩᠬᠠᠷᠤᠯ ᠢ ᠲᠠᠲᠠᠭᠰᠠᠨ ᠪᠥᠭᠡᠳ ᠵᠠᠷᠢᠮ ᠨᠢ ᠨᠠᠶᠢᠷᠠᠭᠤᠯᠤᠭᠴᠢ ᠳᠤ ᠲᠥᠷᠥ ᠶᠢᠨ ᠪᠣᠳᠣᠯᠭ᠎ᠠ ᠶᠢ ᠴᠢᠨᠠᠭᠰᠢᠳᠠ ᠲᠠᠶᠢᠯᠪᠤᠷᠢᠯᠠᠬᠤ ᠶᠢ ᠵᠥᠪᠯᠡᠵᠡᠢ᠃ ᠣᠯᠠᠨ ᠤ ᠵᠠᠷᠢᠮ ᠡᠷᠡᠭᠡᠯᠵᠡᠭᠡ ᠳᠤ ᠬᠠᠨᠳᠤᠭᠤᠯᠤᠨ᠂ ᠨᠠᠶᠢᠷᠠᠭᠤᠯᠤᠭᠴᠢ ᠠᠰᠠᠭᠤᠯᠲᠠ ᠬᠠᠷᠢᠭᠤᠯᠲᠠ ᠨᠤᠭᠤᠳ ᠢ ᠡᠮᠬᠢᠯᠡᠭᠰᠡᠨ ᠨᠢ ᠲᠠ ᠣᠯᠠᠨ ᠤ ᠡᠷᠡᠭᠡᠯᠵᠡᠭᠡ ᠶᠢ ᠲᠠᠶᠢᠯᠤᠭᠰᠠᠨ ᠪᠣᠯᠣᠭᠠᠰᠠᠢ᠃

      ᠠᠰᠠᠭᠤᠯᠲᠠ᠄ ᠪᠢ ᠡᠮᠴᠢᠯᠡᠭᠡᠨ ᠤ ᠳᠠᠭᠠᠳᠬᠠᠯ ᠤᠨ ᠺᠠᠷᠲ ᠲᠠᠬᠢ ᠮᠦᠩᠭᠦ ᠪᠠᠨ ᠭᠡᠷ ᠤᠨ ᠬᠥᠮᠥᠰ ᠲᠤ ᠪᠠᠨ ᠬᠡᠷᠡᠭᠯᠡᠭᠦᠯᠵᠦ ᠪᠣᠯᠬᠤ ᠦᠦ︖

      ᠬᠠᠷᠢᠭᠤᠯᠲᠠ᠄ ᠬᠡᠷᠪᠡ ᠲᠠᠨ ᠤ ᠬᠡᠯᠡᠵᠦ ᠪᠠᠶᠢᠭ᠎ᠠ ᠴᠢᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠠᠬᠢ ᠦᠯᠡᠳᠡᠪᠦᠷᠢ ᠶᠢ ᠵᠢᠭᠠᠵᠤ ᠪᠠᠶᠢᠪᠠᠯ᠂ ᠬᠡᠷᠡᠭᠯᠡᠭᠦᠯᠵᠦ ᠪᠣᠯᠣᠨ᠎ᠠ᠃ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ᠂ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠬᠦ ᠪᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠡᠴᠢᠭᠡ ᠡᠬᠡ᠂ ᠡᠬᠡᠨᠡᠷ ︵ᠨᠥᠬᠦᠷ︶ ᠪᠠ ᠦᠷ᠎ᠡ ᠬᠡᠦᠬᠡᠳ ᠲᠤ ᠪᠠᠨ ᠡᠷᠬᠡ ᠣᠯᠭᠤᠨ ᠬᠤᠪᠢ ᠬᠥᠮᠥᠨ ᠤ ᠳᠠᠩᠰᠠ ᠪᠠᠨ ᠬᠡᠷᠡᠭᠯᠡᠭᠦᠯᠵᠦ ᠪᠣᠯᠣᠨ᠎ᠠ᠃ ᠵᠢᠱᠢᠶᠡᠯᠡᠪᠡᠯ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠤᠨ ᠳᠣᠲᠣᠷᠠᠬᠢ ᠬᠤᠪᠢ ᠬᠥᠮᠥᠨ ᠤ ᠥᠪᠡᠰᠦᠪᠡᠨ ᠥᠭᠬᠦ ᠬᠡᠰᠡᠭ ᠢ ᠲᠥᠯᠥᠬᠦ ᠳᠤ ᠬᠡᠷᠡᠭᠯᠡᠵᠦ ᠪᠣᠯᠣᠨ᠎ᠠ᠃

       ᠵᠢᠱᠢᠶ᠎ᠡ ᠳᠠᠲᠠᠪᠠᠯ᠂ ᠯᠢ ᠮᠢᠩ ᠤᠨ ᠬᠦᠦ ᠯᠢ ᠰᠢᠶᠣᠣ ᠮᠢᠩ ᠡᠪᠡᠳᠴᠢᠯᠡᠵᠦ᠂ ᠡᠮ ᠬᠤᠳᠠᠯᠳᠤᠨ ᠠᠪᠬᠤ ᠳᠤ ᠬᠤᠪᠢ ᠬᠥᠮᠥᠨ 100 ᠲᠥᠭᠦᠷᠢᠭ ᠭᠠᠷᠭᠠᠨ᠎ᠠ᠃ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠳᠤ ᠪᠠᠰᠠ ᠦᠯᠡᠳᠡᠪᠦᠷᠢ ᠪᠠᠶᠢᠭᠰᠠᠨ ᠪᠥᠭᠡᠳ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠰᠡᠨ ᠤ ᠳᠠᠷᠠᠭ᠎ᠠ᠂ ᠯᠢ ᠰᠢᠶᠣᠣ ᠮᠢᠩ ᠯᠢ ᠮᠢᠩ ᠤᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠲᠠᠩᠰᠠᠨ ᠤ ᠮᠦᠩᠭᠦ ᠪᠠᠷ ᠡᠨᠡ 100 ᠲᠥᠭᠦᠷᠢᠭ ᠢ ᠲᠥᠯᠥᠵᠦ ᠪᠣᠯᠣᠨ᠎ᠠ᠂ ᠡᠨᠡ ᠪᠣᠯ ᠳᠠᠷᠤᠢ ︽ᠭᠡᠷ ᠪᠦᠯᠢ ᠬᠠᠮᠲᠤ ᠪᠠᠷ ᠬᠡᠷᠡᠭᠯᠡᠬᠦ︾ ᠮᠥᠨ᠃

      ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠬᠡᠷᠬᠢᠨ ᠭᠦᠢᠴᠡᠳᠬᠡᠬᠦ ᠪᠣᠶ︖

      ᠬᠠᠷᠢᠭᠤᠯᠲᠠ᠄ ᠳᠠᠭᠠᠳᠬᠠᠯ ᠳᠤ ᠣᠷᠣᠯᠴᠠᠭᠴᠢ ︵ᠶᠡᠷᠦ ᠳᠤ ᠪᠠᠨ ᠬᠡᠷᠡᠭᠯᠡᠭᠦᠯᠦᠭᠴᠢ︶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ APP᠎ ᠤᠨ ᠣᠷᠣᠨ ᠨᠤᠲᠤᠭ ᠤᠨ ᠲᠤᠰᠬᠠᠢ ᠪᠣᠯᠣᠩ᠂ ᠲᠤᠬᠠᠢ ᠶᠢᠨ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠸᠢᠴᠠᠲ ᠣᠯᠠᠨ ᠨᠡᠶᠢᠲᠡ ᠶᠢᠨ ᠳ᠋ᠤᠭᠠᠷ᠂ ᠠᠯᠪᠠᠨ ᠤ ᠰᠦᠯᠵᠢᠶ᠎ᠡ ᠵᠡᠷᠭᠡ ︽ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ᠭᠡᠷ ᠪᠦᠯᠢ ᠬᠠᠮᠲᠤ ᠪᠠᠷ ᠬᠡᠷᠡᠭᠯᠡᠬᠦ︾ ᠴᠢᠳᠠᠮᠵᠢᠲᠤ ᠮᠣᠳᠦ᠋ᠯ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠣᠨ᠎ᠠ᠃ ᠡᠯ᠎ᠡ ᠨᠢᠭᠡᠳᠦᠯᠲᠡᠢ ᠲᠥᠯᠥᠪᠯᠡᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠣᠳᠠᠲᠠᠢ ᠭᠦᠢᠴᠡᠳᠬᠡᠬᠦ ᠠᠷᠭ᠎ᠠ ᠵᠠᠮ ᠢ ᠨᠡᠶᠢᠭᠡᠮ ᠳᠤ ᠢᠯᠡ ᠪᠣᠯᠭᠠᠨ᠎ᠠ︔ ᠣᠶᠣᠨᠲᠤ ᠲᠥᠬᠦᠭᠡᠷᠦᠮᠵᠢ ᠶᠢ ᠬᠡᠷᠡᠭᠯᠡᠬᠦ ᠳᠤ ᠲᠦᠪᠡᠭᠲᠡᠢ ᠨᠠᠰᠤᠲᠠᠶᠢᠴᠤᠳ ᠵᠡᠷᠭᠡ ᠣᠨᠴᠠᠭᠠᠶ ᠬᠦᠮᠦᠰ ᠪᠠᠰᠠ ᠰᠦᠯᠵᠢᠶᠡᠨ ᠠᠴᠠ ᠭᠠᠳᠠᠨ᠎ᠠ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠶᠡᠭᠡ ᠲᠢᠩᠬᠢᠮ ᠳᠤ ᠴᠤ ᠭᠦᠢᠴᠡᠳᠬᠡᠵᠦ ᠪᠣᠯᠣᠨ᠎ᠠ᠃

      ᠠᠰᠠᠭᠤᠯᠲᠠ᠄ ᠭᠡᠷ ᠤᠨ ᠬᠦᠮᠦᠰ ᠯᠠ ᠶᠤᠮ ᠪᠣᠯ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠬᠡᠷᠡᠭᠯᠡᠵᠦ ᠪᠣᠯᠬᠤ ᠤᠤ︖

      ᠬᠠᠷᠢᠭᠤᠯᠲᠠ᠄ ᠦᠭᠡᠢ᠃ ᠵᠥᠪᠬᠡᠨ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠰᠡᠨ ᠭᠡᠷ ᠤᠨ ᠬᠦᠮᠦᠰ ᠯᠡ ᠰᠠᠶ᠋ᠢ ᠲᠤᠰ ᠲᠥᠷᠥ ᠶᠢᠨ ᠪᠣᠳᠣᠯᠭ᠎ᠠ ᠶᠢ ᠬᠦᠷᠲᠡᠨ᠎ᠡ᠃

      ᠵᠢᠱᠢᠶᠡᠯᠡᠪᠡᠯ᠂ ᠯᠢ ᠮᠢᠩ ᠤᠨ ᠡᠵᠢ᠂ ᠬᠦᠦ ᠬᠢᠭᠡᠳ ᠬᠠᠳᠠᠮ ᠡᠴᠢᠭᠡ ᠨᠢ ᠴᠥᠮ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠥᠭᠡᠳ ᠬᠤᠪᠢ ᠬᠥᠮᠥᠨ ᠤ ᠳᠠᠩᠰᠠᠨ ᠳᠤ ᠪᠠᠨ ᠦᠯᠡᠳᠡᠪᠦᠷᠢ ᠮᠦᠩᠭᠦ ᠲᠠᠢ᠃ ᠡᠭᠦᠨ ᠳᠤ ᠵᠥᠪᠬᠡᠨ ᠯᠢ ᠮᠢᠩ ᠤᠨ ᠬᠦᠦ ᠨᠢ ᠲᠡᠭᠦᠨ ᠲᠠᠢ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠰᠡᠨ ᠠᠴᠠ ᠵᠥᠪᠬᠡᠨ ᠬᠦᠦ ᠶᠢᠨ ᠢᠶᠠᠨ ᠬᠤᠪᠢ ᠶᠢᠨ ᠲᠠᠩᠰᠠᠨ ᠤ ᠦᠯᠡᠳᠡᠪᠦᠷᠢ ᠮᠦᠩᠭᠦ ᠪᠠᠷ ᠵᠠᠷᠤᠳᠠᠯ ᠢᠶᠠᠨ ᠲᠥᠯᠥᠵᠦ ᠪᠣᠯᠣᠨ᠎ᠠ᠃ ᠡᠵᠢ ᠶᠢᠨ ᠬᠢᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠡ ᠦᠭᠡᠢ ᠤᠴᠢᠷ ᠠᠴᠠ ᠬᠠᠮᠲᠤ ᠪᠠᠷ ᠬᠡᠷᠡᠭᠯᠡᠵᠦ ᠪᠣᠯᠬᠤ ᠦᠭᠡᠢ᠃ ᠬᠠᠳᠠᠮ ᠡᠴᠢᠭᠡ ᠨᠢ ︽ᠭᠡᠷ ᠪᠦᠯᠢ ᠬᠠᠮᠲᠤ ᠪᠠᠷ ᠬᠡᠷᠡᠭᠯᠡᠬᠦ︾ ᠭᠡᠰᠢᠭᠦᠳ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠲᠤᠯᠠ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠵᠦ ᠪᠣᠯᠬᠤ ᠦᠭᠡᠢ᠃

      ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠳᠠᠭᠠᠳᠬᠠᠯ ᠤᠨ ᠺᠠᠷᠲ ᠲᠠᠬᠢ ᠬᠤᠪᠢ ᠬᠥᠮᠥᠨ ᠤ ᠳᠠᠩᠰᠠ ᠶᠢᠨ ᠰᠠᠭᠤᠷᠢ ᠮᠥᠩᠭᠦ ᠪᠠᠨ ᠡᠴᠢᠭᠡ ᠡᠬᠡ᠂ ᠡᠬᠡᠨᠡᠷ ︵ᠨᠥᠬᠦᠷ︶᠂ ᠦᠷ᠎ᠡ ᠬᠡᠦᠬᠡᠳ ᠲᠤ ᠪᠠᠨ ᠬᠡᠷᠡᠭᠯᠡᠭᠦᠯᠵᠦ ᠪᠣᠯᠣᠨ᠎ᠠ᠃ ᠭᠡᠪᠡᠴᠦ ᠡᠷᠬᠡᠪᠰᠢ ᠬᠤᠶᠠᠷ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ ᠨᠢᠭᠡ ᠳᠤ ᠲᠠᠨ ᠤ ᠡᠴᠢᠭᠡ ᠡᠬᠡ᠂ ᠡᠬᠡᠨᠡᠷ ︵ᠨᠥᠬᠦᠷ︶᠂ ᠦᠷ᠎ᠡ ᠬᠡᠦᠬᠡᠳ ᠴᠢᠨᠢ ᠪᠠᠰᠠ ᠦᠨᠳᠦᠰᠦᠨ ᠡᠮᠴᠢᠯᠡᠭᠡᠨ ᠤ ᠳᠠᠭᠠᠳᠬᠠᠯ ︵ᠠᠵᠢᠯᠲᠠᠨ ᠤ ᠡᠮᠴᠢᠯᠡᠭᠡᠨ ᠤ ᠳᠠᠭᠠᠳᠬᠠᠯ ᠪᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠪᠠᠭᠲᠠᠭᠠᠨ᠎ᠠ︶᠎ ᠳᠤ ᠣᠷᠣᠯᠴᠠᠭᠰᠠᠨ ᠪᠠᠶᠢᠬᠤ ᠬᠡᠷᠡᠭᠲᠡᠢ︔ ᠬᠤᠶᠠᠷ ᠲᠤ ᠲᠠ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠ ᠶᠢᠨ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠰᠡᠨ ᠪᠠᠶᠢᠬᠤ ᠬᠡᠷᠡᠭᠲᠡᠢ᠃ ᠡᠭᠦᠨ ᠤ ᠬᠠᠮᠲᠤ ᠪᠠᠰᠠ ᠠᠩᠬᠠᠷᠤᠭᠤᠰᠢᠲᠠᠢ ᠨᠢ᠄ ᠨᠢᠭᠡ ᠳᠤ ︽ᠭᠡᠷ ᠪᠦᠯᠢ ᠬᠠᠮᠲᠤ ᠪᠠᠷ ᠬᠡᠷᠡᠭᠯᠡᠬᠦ︾ ᠭᠡᠰᠢᠭᠦᠳ ᠤᠨ ᠬᠡᠪᠴᠢᠶᠡᠨ ᠳᠤ ᠡᠬᠡᠨᠡᠷ ︵ᠨᠥᠬᠦᠷ︶᠎ ᠤᠨ ᠡᠴᠢᠭᠡ ᠡᠬᠡ ᠶᠢ ᠪᠠᠭᠲᠠᠭᠠᠬᠤ ᠦᠭᠡᠢ︔ ᠬᠤᠶᠠᠷ ᠲᠤ ᠬᠡᠷᠡᠭᠯᠡᠭᠴᠢ ᠨᠢ ᠬᠡᠷᠡᠭᠯᠡᠭᠦᠯᠦᠭᠴᠢ ᠶᠢᠨ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ ᠴᠢᠳᠠᠬᠤ ᠦᠭᠡᠢ᠂ ᠳᠠᠷᠤᠢ ᠲᠠ ᠬᠤᠪᠢ ᠬᠥᠮᠥᠨ ᠤ ᠳᠠᠩᠰᠠᠨ ᠳᠠᠬᠢ ᠮᠦᠩᠭᠦ ᠪᠠᠨ ᠡᠴᠢᠭᠡ ᠡᠬᠡ ᠳᠤ ᠪᠠᠨ ᠬᠡᠷᠡᠭᠯᠡᠭᠦᠯᠵᠦ ᠪᠣᠯᠣᠨ᠎ᠠ᠂ ᠭᠡᠪᠡᠴᠦ ᠡᠴᠢᠭᠡ ᠡᠬᠡ ᠴᠢᠨᠢ ᠡᠪᠡᠳᠴᠢᠨ ᠢᠶᠠᠨ ᠦᠵᠡᠭᠦᠯᠦᠭᠡᠳ ᠬᠡᠳᠦᠢ ᠶᠢ ᠨᠢ ᠳᠠᠩᠰᠠ ᠲᠠᠶᠢᠯᠬᠤ ᠨᠢ ᠲᠡᠳᠡᠨ ᠤ ᠣᠷᠣᠯᠴᠠᠭᠰᠠᠨ ᠡᠮᠴᠢᠯᠡᠭᠡᠨ ᠤ ᠳᠠᠭᠠᠳᠬᠠᠯ ᠤᠨ ᠳᠦᠷᠢᠮ ᠢ ᠦᠨᠳᠦᠰᠦᠯᠡᠨ᠎ᠡ᠃ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠣᠯ ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠵᠣᠬᠢᠬᠤ ᠬᠠᠷᠠᠭᠠᠯᠵᠠᠯ ᠢ ᠬᠦᠷᠲᠡᠨ᠎ᠡ︔ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠣᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠣᠬᠢᠬᠤ ᠬᠠᠷᠠᠭᠠᠯᠵᠠᠯ ᠢ ᠬᠦᠷᠲᠡᠨ᠎ᠡ᠃

      ᠠᠰᠠᠭᠤᠯᠲᠠ᠄ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠰᠡᠨ ᠤ ᠳᠠᠷᠠᠭ᠎ᠠ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠬᠡᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠪᠣᠶ︖

      ᠬᠠᠷᠢᠭᠤᠯᠲᠠ᠄ ᠶᠠᠮᠠᠷᠪᠠ ᠪᠠᠶᠢᠳᠠᠯ ᠳᠤ ᠴᠤ ᠪᠠᠶᠢᠲᠤᠭᠠᠢ᠂ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠷᠬᠡᠪᠰᠢ ᠡᠪᠡᠳᠴᠢᠲᠡᠨ ᠲᠤᠰ ᠬᠥᠮᠥᠨ ᠤ ᠺᠠᠷᠲ ᠢ ᠬᠡᠷᠡᠭᠯᠡᠬᠦ ᠬᠡᠷᠡᠭᠲᠡᠢ᠃ ︽ᠭᠡᠷ ᠪᠦᠯᠢ ᠬᠠᠮᠲᠤ ᠪᠠᠷ ᠬᠡᠷᠡᠭᠯᠡᠬᠦ︾ ᠲᠥᠷᠥ ᠶᠢᠨ ᠪᠣᠳᠣᠯᠭ᠎ᠠ ᠳᠠᠬᠢ ︽ᠬᠠᠮᠲᠤ ᠪᠠᠷ ᠬᠡᠷᠡᠭᠯᠡᠬᠦ︾ ᠭᠡᠳᠡᠭ ᠨᠢ ᠠᠵᠢᠯᠲᠠᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠤᠨ ᠬᠤᠪᠢ ᠬᠥᠮᠥᠨ ᠤ ᠳᠠᠩᠰᠠᠨ ᠳᠠᠬᠢ ᠮᠦᠩᠭᠦ᠂ ᠬᠠᠷᠢᠨ ᠡᠮᠴᠢᠯᠡᠭᠡᠨ ᠤ ᠳᠠᠭᠠᠳᠬᠠᠯ ᠤᠨ ᠺᠠᠷᠲ ᠲᠤᠰ ᠪᠡᠶ᠎ᠡ ᠨᠢ ᠪᠢᠰᠢ ᠶᠤᠮ᠃

      ᠡᠮᠴᠢᠯᠡᠭᠡᠨ ᠤ ᠳᠠᠭᠠᠳᠬᠠᠯ ᠳᠤ ︽ᠥᠪᠡᠷ ᠢᠶᠠᠨ ᠳᠠᠭᠠᠳᠬᠠᠯ ᠳᠤ ᠣᠷᠣᠯᠴᠠᠵᠤ᠂ ᠥᠪᠡᠷ ᠢᠶᠠᠨ ᠬᠠᠷᠠᠭᠠᠯᠵᠠᠯ ᠬᠦᠷᠲᠡᠬᠦ︾ ᠵᠠᠷᠴᠢᠮ ᠢ ᠵᠢᠷᠤᠮᠯᠠᠨ᠎ᠠ᠃ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠰᠡᠨ ᠤ ᠳᠠᠷᠠᠭ᠎ᠠ ᠲᠤᠰ ᠵᠠᠷᠴᠢᠮ ᠦᠯᠦ ᠬᠤᠪᠢᠷᠠᠨ᠎ᠠ᠂ ᠳᠠᠭᠠᠳᠬᠠᠯ ᠳᠤ ᠣᠷᠣᠯᠴᠠᠭᠴᠢ ᠮᠥᠨ ᠯᠠ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠡᠪᠡᠳᠴᠢᠨ ᠢᠶᠠᠨ ᠦᠵᠡᠭᠦᠯᠵᠦ᠂ ᠲᠣᠭᠲᠠᠭᠠᠯ ᠶᠣᠰᠣᠭᠠᠷ ᠥᠪᠡᠷ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠢᠶᠠᠨ ᠬᠦᠷᠲᠡᠨ᠎ᠡ᠃

       ᠣᠶᠢᠯᠠᠭᠠᠮᠵᠢᠲᠠᠢ ᠪᠠᠷ ᠬᠡᠯᠡᠪᠡᠯ᠂ ᠮᠦᠩᠭᠦ ᠶᠢ ᠬᠠᠮᠲᠤ ᠪᠠᠷ ᠬᠡᠷᠡᠭᠯᠡᠵᠦ ᠪᠣᠯᠣᠨ᠎ᠠ᠂ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ᠃ ᠢᠩᠭᠢᠪᠡᠯ ᠣᠯᠠᠨ ᠠᠳᠡᠭᠦᠷᠡᠯ ᠢ ᠪᠠᠭᠠᠰᠬᠠᠵᠤ ᠴᠢᠳᠠᠨ᠎ᠠ᠃

      ᠠᠰᠠᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠨ ᠬᠡᠷᠡᠭᠯᠡᠬᠦ ᠦᠭᠡᠢ ᠪᠠᠷ ᠡᠮᠴᠢᠯᠡᠭᠦᠯᠪᠡᠯ ᠶᠠᠮᠠᠷ ᠦᠷ᠎ᠡ ᠳ᠋ᠦᠩ ᠳᠤ ᠬᠦᠷᠬᠦ ᠪᠣᠢ︖

      ᠬᠠᠷᠢᠭᠤᠯᠲᠠ᠄ ᠥᠪᠡᠷ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠢᠶᠠᠨ ᠳ᠋ᠤᠭᠠᠷᠯᠠᠵᠤ ᠡᠮᠴᠢᠯᠡᠭᠦᠯᠬᠦ ᠦᠭᠡᠢ ᠪᠣᠯ ᠳᠠᠷᠤᠢ ︽ᠬᠠᠭᠤᠷᠮᠠᠭᠯᠠᠨ ᠡᠮᠴᠢᠯᠡᠭᠦᠯᠬᠦ︾ ᠶᠠᠪᠤᠳᠠᠯ ᠪᠣᠯᠣᠨ᠎ᠠ᠂ ᠬᠥᠩᠭᠡᠨ ᠪᠣᠯ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ ᠲᠦᠷ ᠵᠣᠭᠰᠣᠭᠠᠵᠤ᠂ ᠬᠦᠨᠳᠦ ᠪᠣᠯ ᠬᠠᠤᠯᠢ ᠶᠢ ᠵᠦᠷᠢᠴᠡᠭᠰᠡᠨ ᠶᠠᠯ᠎ᠠ ᠪᠣᠯᠣᠨ᠎ᠠ᠃

      ︽ᠬᠠᠭᠤᠷᠮᠠᠭᠯᠠᠨ ᠡᠮᠴᠢᠯᠡᠭᠦᠯᠬᠦ︾ ᠭᠡᠳᠡᠭ ᠨᠢ ᠳᠠᠷᠤᠢ ᠬᠠᠤᠯᠢ ᠪᠤᠰᠤ ᠪᠠᠷ ᠥᠪᠡᠷ ᠲᠤ ᠪᠠᠨ ᠡᠵᠡᠷᠬᠡᠨ ᠡᠵᠡᠯᠡᠬᠦ ᠪᠠᠷ ᠵᠣᠷᠢᠯᠭ᠎ᠠ ᠪᠣᠯᠭᠠᠨ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠶᠢ ᠬᠠᠭᠤᠷᠮᠠᠭᠯᠠᠨ ᠬᠡᠷᠡᠭᠯᠡᠵᠦ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠳ᠋ᠤᠭᠠᠷᠯᠠᠨ ᠡᠮᠴᠢᠯᠡᠭᠦᠯᠬᠦ ᠶᠢᠨ ᠬᠠᠮᠲᠤ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠬᠠᠷᠠᠭᠠᠯᠵᠠᠯ ᠢ ᠬᠦᠷᠲᠡᠭᠡᠳ᠂ ᠡᠭᠦᠨ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠶᠤᠮ᠃ ᠡᠭᠦᠨ ᠳᠠᠬᠢ ︽ᠪᠤᠰᠤᠳ︾ ᠭᠡᠳᠡᠭ ᠨᠢ ᠳᠠᠭᠠᠳᠬᠠᠯ ᠳᠤ ᠣᠷᠣᠯᠴᠠᠭᠴᠢ ᠲᠣᠰ ᠬᠥᠮᠥᠨ ᠠᠴᠠ ᠪᠤᠰᠤᠳ ᠶᠠᠮᠠᠷᠪᠠ ᠬᠥᠮᠥᠨ ᠢ ᠵᠢᠭᠠᠵᠤ ᠪᠠᠶᠢᠨ᠎ᠠ᠂ ᠳᠠᠷᠤᠢ ᠱᠠᠭᠠᠷᠳᠠᠯᠭ᠎ᠠ ᠶᠣᠰᠣᠭᠠᠷ ︽ᠭᠡᠷ ᠪᠦᠯᠢ ᠬᠠᠮᠲᠤ ᠪᠠᠷ ᠬᠡᠷᠡᠭᠯᠡᠬᠦ︾᠎ ᠶᠢ ᠭᠦᠢᠴᠡᠳᠬᠡᠭᠰᠡᠨ ᠦᠭᠡᠢ ᠭᠡᠷ ᠪᠦᠯᠢ ᠶᠢᠨ ᠭᠡᠰᠢᠭᠦᠳ ᠢ ᠪᠠᠭᠲᠠᠭᠠᠨ᠎ᠠ᠃

      ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠵᠤ ᠬᠠᠮᠢᠶᠠᠷᠬᠤ ᠳᠦᠷᠢᠮ︾᠎ ᠤᠨ ᠠᠷᠪᠠᠨ ᠳᠣᠯᠣᠳᠤᠭᠠᠷ ᠵᠦᠢᠯ ᠳᠤ᠂ ︽ᠳᠠᠭᠠᠳᠬᠠᠯ ᠳᠤ ᠣᠷᠣᠯᠴᠠᠭᠰᠠᠳ ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠷ ᠢᠶᠠᠨ ᠡᠮᠴᠢᠯᠡᠭᠦᠯᠵᠦ᠂ ᠡᠮ ᠬᠤᠳᠠᠯᠳᠤᠨ ᠠᠪᠴᠤ᠂ ᠪᠠᠰᠠ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠯᠭᠠᠯᠲᠠ ᠶᠢ ᠬᠦᠯᠢᠶᠡᠪᠡᠯ ᠵᠣᠬᠢᠨ᠎ᠡ︾ ᠭᠡᠵᠦ ᠲᠣᠳᠣᠷᠬᠠᠢ ᠲᠣᠭᠲᠠᠭᠠᠵᠠᠢ᠃ ᠮᠥᠨ ᠳᠥᠴᠢᠨ ᠨᠢᠭᠡᠳᠦᠭᠡᠷ ᠵᠦᠢᠯ ᠳᠤ ︽ᠥᠪᠡᠷ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠨ ᠪᠤᠰᠤᠳ ᠲᠤ ᠥᠭᠴᠦ ᠬᠠᠭᠤᠷᠮᠠᠭᠯᠠᠨ ᠬᠡᠷᠡᠭᠯᠡᠭᠦᠯᠦᠭᠡᠳ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠠᠯᠪᠠᠳᠠᠨ ᠪᠤᠴᠠᠭᠠᠯᠭᠠᠨ᠎ᠠ︔ ᠳᠠᠭᠠᠳᠬᠠᠯ ᠳᠤ ᠣᠷᠣᠯᠴᠠᠭᠰᠠᠳ ᠲᠤ ᠲᠣᠭᠠᠴᠠᠭᠳᠠᠪᠠᠯ᠂ ᠡᠮᠴᠢᠯᠡᠭᠡᠨ ᠤ ᠵᠠᠷᠤᠳᠠᠯ ᠢ ᠰᠦᠯᠵᠢᠶ᠎ᠡ ᠪᠠᠷ ᠳ᠋ᠦᠩᠨᠡᠨ ᠪᠤᠳᠤᠬᠤ ᠶᠢ 3᠎ ᠠᠴᠠ 12 ᠰᠠᠷ᠎ᠠ ᠲᠦᠷ ᠵᠣᠭᠰᠣᠭᠠᠨ᠎ᠠ︔ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠭᠡᠷᠡᠴᠢ ᠪᠠᠷᠢᠮᠲᠠ ᠪᠠᠷ ᠬᠠᠭᠤᠷᠮᠠᠭᠯᠠᠨ ᠡᠮᠴᠢᠯᠡᠭᠦᠯᠵᠦ᠂ ᠡᠮ ᠬᠤᠳᠠᠯᠳᠤᠨ ᠠᠪᠤᠭᠠᠳ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠪᠠᠶᠢᠪᠠᠯ᠂ ᠮᠡᠬᠡᠯᠡᠭᠰᠡᠨ ᠮᠦᠩᠭᠦᠨ ᠤ 2 ᠳᠠᠬᠢᠨ ᠠᠴᠠ ᠳᠡᠭᠡᠭᠰᠢ 5 ᠳᠠᠬᠢᠨ ᠠᠴᠠ ᠳᠣᠷᠣᠭᠰᠢ ᠮᠦᠩᠭᠦ ᠢᠶᠠᠷ ᠲᠣᠷᠭᠠᠪᠠᠯ ᠵᠣᠬᠢᠨ᠎ᠠ︾ ᠭᠡᠵᠦ ᠲᠣᠳᠣᠷᠬᠠᠢ ᠵᠢᠭᠠᠨ ᠭᠠᠷᠭᠠᠵᠠᠢ᠃ ᠬᠡᠷᠪᠡ ᠬᠤᠯᠪᠤᠭᠳᠠᠬᠤ ᠵᠣᠭᠤᠰ ᠨᠢ ᠨᠡᠯᠢᠶᠡᠳ ᠶᠡᠭᠡ᠂ ᠦᠢᠯᠡ ᠶᠠᠪᠤᠳᠠᠯ ᠨᠢ ᠬᠦᠨᠳᠦ ᠨᠣᠴᠢᠲᠠᠢ ᠪᠠᠶᠢᠪᠠᠯ ᠪᠠᠰᠠ ᠬᠠᠭᠤᠷᠤᠨ ᠮᠡᠬᠡᠯᠡᠭᠰᠡᠨ ᠶᠠᠯ᠎ᠠ ᠪᠣᠯᠣᠨ᠎ᠠ᠃

      ᠵᠢᠱᠢᠶᠡᠯᠡᠪᠡᠯ᠂ ︽ᠡᠶᠢᠮᠦᠷᠬᠦᠦ ᠵᠢᠭᠠᠬᠠᠨ ᠶᠠᠪᠤᠳᠠᠯ ᠢ ᠬᠠᠪᠰᠤᠷᠴᠤ ᠪᠣᠯᠬᠤ ᠦᠭᠡᠢ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠭᠤᠷᠮᠠᠭᠯᠠᠨ ᠬᠡᠷᠡᠭᠯᠡᠪᠡᠯ ᠰᠢᠢᠳᠬᠡᠭᠳᠡᠨ᠎ᠡ︕  ︾ ᠵᠣᠬᠢᠶᠠᠯ ᠳᠤ ᠳᠤᠷᠠᠳᠤᠭᠰᠠᠨ ᠰᠢᠶᠣᠤ ᠴᠢᠩ᠂  ᠪᠦᠯᠦ ᠥᠬᠢᠨ ᠳᠡᠭᠦᠦ ᠰᠢᠶᠣᠤ ᠯᠠᠨ ᠤ ᠪᠠᠨ ᠡᠮᠴᠢᠯᠡᠭᠡᠨ ᠤ ᠳᠠᠭᠠᠳᠬᠠᠯ ᠤᠨ ᠺᠠᠷᠲ ᠢ ᠰᠢᠭᠤᠳ ᠬᠡᠷᠡᠭᠯᠡᠨ ᠳ᠋ᠤᠭᠠᠷᠯᠠᠵᠤ ᠡᠮᠴᠢᠯᠡᠭᠦᠯᠦᠭᠰᠡᠨ ᠨᠢ ᠳᠠᠷᠤᠢ ᠬᠠᠭᠤᠷᠮᠠᠭᠯᠠᠨ ᠡᠮᠴᠢᠯᠡᠭᠦᠯᠦᠭᠰᠡᠨ ᠳᠤ ᠬᠠᠷᠢᠶᠠᠯᠠᠭᠳᠠᠨ᠎ᠠ᠃ ᠳᠠᠬᠢᠨ ᠵᠢᠱᠢᠶᠡᠯᠡᠪᠡᠯ᠂ ᠠᠨᠾᠦ᠋ᠢ ᠶᠢᠨ ᠰᠢᠦᠢ ᠣᠪᠣᠭᠲᠤ᠂ ᠪᠤᠰᠤᠳ ᠤᠨ ᠡᠮᠴᠢᠯᠡᠭᠡᠨ ᠤ ᠳᠠᠭᠠᠳᠬᠠᠯ ᠤᠨ ᠺᠠᠷᠲ ᠢᠶᠠᠷ ᠨᠢᠭᠡᠨ ᠡᠮᠨᠡᠯᠭᠡ ᠶᠢᠨ ᠬᠤᠷᠢᠶᠠᠨ ᠳᠤ ᠡᠪᠡᠳᠴᠢᠨ ᠢᠶᠠᠨ ᠦᠵᠡᠭᠦᠯᠵᠦ ᠡᠮ ᠬᠤᠳᠠᠯᠳᠤᠨ ᠠᠪᠤᠭᠰᠠᠨ ᠪᠥᠭᠡᠳ ᠪᠤᠰᠤᠳ ᠤᠨ ᠡᠭᠦᠳᠡᠨ ᠡᠮᠨᠡᠯᠭᠡ ᠶᠢᠨ ᠤᠵᠢᠭ ᠡᠪᠡᠳᠴᠢᠨ ᠤ ᠲᠠᠩᠰᠠ ᠲᠠᠶᠢᠯᠬᠤ ᠬᠠᠷᠠᠭᠠᠯᠵᠠᠯ ᠢ ᠬᠦᠷᠲᠡᠵᠦ᠂ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠢ ᠲᠥᠯᠥᠪᠯᠡᠬᠦ ᠰᠠᠭᠤᠷᠢ ᠮᠥᠩᠭᠦ ᠶᠢ 12 ᠲᠦᠮᠡ ᠭᠠᠷᠤᠢ ᠲᠥᠭᠦᠷᠢᠭ ᠮᠡᠬᠡᠯᠡᠨ ᠣᠯᠣᠭᠰᠠᠨ ᠪᠥᠭᠡᠳ ᠡᠮ ᠤᠨ ᠵᠦᠢᠯ ᠢ ᠬᠤᠶᠠᠳᠠᠭᠢ ᠤᠳᠠᠭ᠎ᠠ ᠪᠣᠷᠤᠯᠠᠭᠤᠯᠤᠭᠠᠳ ᠬᠠᠤᠯᠢ ᠠᠴᠠ ᠵᠥᠷᠢᠴᠡᠭᠰᠡᠨ ᠣᠯᠵᠠᠪᠤᠷᠢ 1.5 ᠲᠦᠮᠡᠨ ᠲᠥᠭᠦᠷᠢᠭ ᠣᠯᠵᠤ᠂ ᠡᠴᠦᠰ ᠲᠤ ᠪᠠᠨ ᠬᠤᠶᠠᠷ ᠵᠢᠯ ᠵᠢᠷᠭᠤᠭᠠᠨ ᠰᠠᠷ᠎ᠠ ᠶᠢᠨ ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠢᠳᠬᠡᠭᠳᠡᠭᠰᠡᠨ ᠮᠥᠷᠲᠡᠭᠡᠨ ᠲᠠᠪᠤᠨ ᠮᠢᠩᠭᠠᠨ ᠲᠥᠭᠦᠷᠢᠭ ᠢᠶᠠᠷ ᠲᠣᠷᠭᠠᠭᠳᠠᠪᠠ᠃ ᠰᠢᠦᠢ ᠣᠪᠣᠭᠲᠤ ᠶᠢᠨ ᠦᠢᠯᠡ ᠠᠵᠢᠯᠯᠠᠭ᠎ᠠ ᠨᠢ ︽ᠬᠠᠭᠤᠷᠮᠠᠭᠯᠠᠨ ᠡᠮᠴᠢᠯᠡᠭᠦᠯᠦᠭᠰᠡᠨ︾᠎ ᠳᠤ ᠲᠣᠭᠠᠴᠠᠭᠳᠠᠬᠤ ᠪᠠᠷ ᠦᠯᠦ ᠪᠠᠷᠠᠮ ᠪᠠᠰᠠ ᠶᠠᠯ᠎ᠠ ᠬᠢᠭᠰᠡᠨ ᠶᠠᠪᠤᠳᠠᠯ ᠪᠣᠯᠣᠭᠰᠠᠨ ᠠᠴᠠ ᠰᠢᠭᠦᠬᠦ ᠬᠤᠷᠢᠶ᠎ᠠ ︽ᠡᠷᠡᠭᠦᠦ ᠶᠢᠨ ᠬᠠᠤᠯᠢ︾᠎ ᠶᠢᠨ ᠬᠤᠯᠪᠣᠭᠳᠠᠯ ᠪᠦᠬᠦᠢ ᠲᠣᠭᠲᠠᠭᠠᠯ ᠤᠳ ᠢ ᠦᠨᠳᠦᠰᠦᠯᠡᠨ ᠲᠡᠭᠦᠨ ᠢ ᠰᠢᠭᠦᠨ ᠲᠠᠰᠤᠯᠪᠠ᠃

      ᠠᠰᠠᠭᠤᠯᠲᠠ᠄ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ᠂ ᠦᠷ᠎ᠡ ᠬᠡᠦᠬᠡᠳ ᠨᠢ ᠲᠡᠳᠡᠨ ᠢ ᠬᠠᠪᠰᠤᠷᠴᠤ ᠡᠮ ᠬᠤᠳᠠᠯᠳᠤᠨ ᠠᠪᠴᠤ ᠥᠭᠴᠦ ᠪᠣᠯᠣᠨ᠎ᠠ ᠦᠦ︖

      ᠬᠠᠷᠢᠭᠤᠯᠲᠠ᠄ ᠪᠣᠯᠣᠨ᠎ᠠ᠃ ︽ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠡᠷᠡᠭᠯᠡᠬᠦ ᠶᠢ ᠬᠢᠨᠠᠨ ᠬᠠᠮᠢᠶᠠᠷᠬᠤ ᠳᠦᠷᠢᠮ︾᠎ ᠤᠨ ᠠᠷᠪᠠᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠲᠤ᠄ ︽ᠣᠨᠴᠠᠭᠠᠶ ᠰᠢᠯᠲᠠᠭᠠᠨ ᠠᠴᠠ ᠪᠣᠯᠵᠤ ᠪᠤᠰᠤᠳ ᠲᠤ ᠨᠠᠶᠢᠳᠠᠨ ᠡᠮ ᠬᠤᠳᠠᠯᠳᠤᠨ ᠠᠪᠤᠭᠤᠯᠬᠤ ᠴᠢᠬᠤᠯᠠᠲᠠᠢ ᠪᠣᠯ᠂ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠪᠡᠶ᠎ᠡ ᠶᠢᠨ ᠦᠨᠡᠮᠯᠡᠯ ᠢᠶᠠᠨ ᠬᠠᠩᠭᠠᠪᠠᠯ ᠵᠣᠬᠢᠨ᠎ᠠ︾ ᠭᠡᠵᠦ ᠲᠣᠳᠣᠷᠬᠠᠢ ᠲᠣᠭᠲᠠᠭᠠᠵᠠᠢ᠃

      ᠡᠶᠢᠮᠦ ᠠᠴᠠ᠂ ᠨᠠᠰᠤᠲᠠᠨ ᠬᠥᠳᠡᠯᠵᠦ ᠪᠠᠷᠢᠬᠤ ᠳᠤ ᠪᠠᠨ ᠳᠥᠭᠦᠮ ᠦᠭᠡᠢ ᠵᠡᠷᠭᠡ ᠣᠨᠴᠠᠭᠠᠢ ᠪᠠᠶᠢᠳᠠᠯ ᠳᠤ᠂ ᠦᠷ᠎ᠡ ᠬᠡᠦᠬᠡᠳ ᠨᠢ ᠣᠷᠣᠯᠠᠨ ᠡᠮ ᠬᠤᠳᠠᠯᠳᠤᠨ ᠠᠪᠴᠤ ᠥᠭᠴᠦ ᠪᠣᠯᠣᠨ᠎ᠠ᠃ ᠭᠡᠪᠡᠴᠦ ᠡᠮ ᠬᠤᠳᠠᠯᠳᠤᠨ ᠠᠪᠬᠤ ᠳᠤ ᠪᠠᠨ ᠡᠮ ᠤᠤᠭᠤᠬᠤ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ ᠪᠥᠭᠡᠳ ᠨᠠᠶᠢᠳᠠᠭᠴᠢ ᠪᠠ ᠨᠠᠶᠢᠳᠠᠯᠭ᠎ᠠ ᠬᠦᠯᠢᠶᠡᠭᠴᠢ ᠶᠢᠨ ᠪᠡᠶ᠎ᠡ ᠶᠢᠨ ᠦᠨᠡᠮᠯᠡᠯ ᠢᠶᠠᠨ ᠭᠠᠷᠭᠠᠵᠤ ᠦᠵᠡᠭᠦᠯᠬᠦ ᠬᠡᠷᠡᠭᠲᠡᠢ᠃

      ᠠᠵᠢᠯᠲᠠᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠥᠨ ᠤ ᠳᠠᠩᠰᠠᠨ ᠤ ᠮᠦᠩᠭᠦ ᠶᠢ ᠭᠡᠷ ᠪᠦᠯᠢ ᠬᠠᠮᠲᠤ ᠪᠠᠷ ᠬᠡᠷᠡᠭᠯᠡᠵᠦ ᠪᠣᠯᠣᠨ᠎ᠠ᠂ ᠭᠡᠪᠡᠴᠦ ᠶᠠᠮᠠᠷᠪᠠ ᠬᠥᠮᠥᠨ ᠤ ᠡᠮᠴᠢᠯᠡᠭᠡᠨ ᠤ ᠳᠠᠭᠠᠳᠬᠠᠯ ᠤᠨ ᠺᠠᠷᠲ ᠢ ᠬᠠᠮᠲᠤ ᠪᠠᠷ ᠬᠡᠷᠡᠭᠯᠡᠵᠦ ᠪᠣᠯᠬᠤ ᠦᠭᠡᠢ ᠭᠡᠳᠡᠭ ᠢ ᠪᠠᠲᠤ ᠴᠡᠭᠡᠵᠢᠯᠡᠭᠡᠷᠡᠢ︕

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ