ᠰᠦᠨ ᠱᠤᠤ ᠴᠧᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠧᠨ ᠲᠠᠢ ᠪᠠᠷᠠᠳᠠᠨ ᠠᠭᠤᠯᠵᠠᠪᠠ
ᠨᠡᠶᠢᠲᠡᠯᠡᠭᠰᠡᠨ ᠴᠠᠭ᠄
2024/5/17


      5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠶᠠᠩ ᠵᠧᠨ ᠲᠠᠢ ᠪᠠᠷᠠᠳᠠᠨ ᠠᠭᠤᠯᠵᠠᠵᠠᠢ᠃


0517孙绍骋拜会全国政协副主席杨震2.jpg


            5 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠭᠦᠭᠡᠬᠤᠲᠠ ᠳᠤ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠶᠠᠩ ᠵᠧᠨ ᠲᠠᠢ ᠪᠠᠷᠠᠳᠠᠨ ᠠᠭᠤᠯᠵᠠᠵᠠᠢ᠃

      ᠳᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠴᠢᠤᠸᠠᠨ ᠰᠡᠭᠦᠳᠡᠷᠯᠡᠪᠡ 

      ᠶᠠᠩ ᠵᠧᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠷᠳᠤ ᠬᠤᠭᠤᠴᠠᠭᠠᠨ ᠤ ᠲᠤᠷᠰᠢ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠢ ᠬᠠᠯᠠᠮᠵᠢᠯᠠᠨ ᠳᠡᠮᠵᠢᠵᠤ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠵᠣᠷᠢᠯᠭ᠎ᠠ ᠪᠠᠨ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠳᠤ ᠡᠯᠪᠡᠭ ᠪᠠᠶᠠᠯᠢᠭ ᠨᠡᠭᠦᠷᠡᠰᠦᠨ ᠤ ᠡᠬᠢ ᠪᠠᠶᠠᠯᠢᠭ ᠪᠠᠶᠢᠬᠤ ᠪᠠᠷ ᠪᠠᠷᠠᠬᠤ ᠦᠭᠡᠢ ᠪᠠᠰᠠ ᠥᠪᠡᠷᠮᠢᠴᠡ ᠰᠠᠯᠬᠢ ᠭᠡᠷᠡᠯ ᠤᠨ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠵᠤ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠢᠳᠤᠨᠤᠨ ᠤ 6 ᠰᠠᠷ᠎ᠠ ᠳᠤ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠯᠬᠤᠭ᠎ᠠ ᠪᠠᠨ ᠦᠷᠭᠦᠯᠵᠢᠯᠡᠨ ᠲᠦᠷᠭᠡᠳᠬᠡᠵᠦ᠂ ᠢᠯᠠᠩᠭᠤᠶ᠎ᠠ ᠰᠢᠨ᠎ᠡ ᠡᠨᠧᠷᠭᠢ ᠶᠢᠨ ᠬᠥᠭᠵᠢᠯᠲᠡ ᠶᠢᠨ ᠬᠠᠨᠳᠤᠰᠢ ᠮᠠᠰᠢ ᠰᠠᠶᠢᠨ ᠪᠠᠶᠢᠨ᠎ᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠬᠥᠭᠵᠢᠯᠲᠡ ᠶᠢᠨ ᠲᠤᠷᠰᠢᠯᠭ᠎ᠠ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠭᠠᠳᠠᠭᠰᠢ ᠬᠦᠷᠭᠡᠬᠦ ᠵᠠᠮ ᠱᠤᠭᠤᠮ ᠤᠨ ᠪᠦᠲᠦᠭᠡᠨ ᠪᠠᠶᠢᠭᠤᠯᠤᠯᠲᠠ᠂ ᠪᠣᠬᠢᠷᠳᠤᠯ ᠦᠭᠡᠢ ᠴᠠᠭᠢᠯᠭᠠᠨ ᠢ ᠲᠤᠬᠠᠢ ᠶᠢᠨ ᠭᠠᠵᠠᠷ ᠲᠠᠭᠠᠨ ᠠᠰᠢᠭᠯᠠᠬᠤ ᠶᠢ ᠥᠷᠭᠡᠳᠬᠡᠬᠦ ᠵᠡᠷᠭᠡ ᠶᠢᠨ ᠲᠣᠭᠤᠷᠢᠨ ᠳᠤ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ ᠭᠡᠪᠡ᠃


0517孙绍骋拜会全国政协副主席杨震.jpg

 

      ᠰᠦᠨ ᠱᠤᠤ ᠴᠧᠩ ᠶᠠᠩ ᠵᠧᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ  ᠪᠦᠭᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠨᠢᠭᠲᠠᠷᠠᠭᠤᠯᠵᠤ᠂ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ᠃ ᠤᠳᠤ ᠪᠢᠳᠠ ᠶᠠᠭ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ ᠱᠠᠯᠠᠪᠳᠠᠨ ᠲᠦᠷᠭᠡᠨ ᠠᠵᠢᠯᠯᠠᠵᠤ ᠰᠢᠨ᠎ᠡ ᠡᠨᠧᠷᠭᠢ ᠶᠢᠨ ᠬᠥᠭᠵᠢᠯᠲᠡ ᠶᠢ ᠠᠬᠢᠭᠤᠯᠵᠤ᠂ ᠪᠣᠬᠢᠷᠳᠤᠯ ᠦᠭᠡᠢ ᠴᠠᠭᠢᠯᠭᠠᠨ ᠢ ᠰᠢᠩᠭᠡᠭᠡᠬᠦ ᠶᠢ ᠪᠦᠭᠦ ᠬᠦᠴᠦᠨ ᠢᠶᠠᠷ ᠠᠬᠢᠭᠤᠯᠵᠤ ᠪᠠᠶᠢᠨ᠎ᠠ᠃ ᠡᠭᠦᠨ ᠤ ᠬᠠᠮᠲᠤ ᠪᠢᠳᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ ᠯᠡ ᠳᠡᠭᠡᠷ᠎ᠡ ᠤᠯᠠᠨ ᠦᠷ᠎ᠡ ᠪᠦᠲᠦᠮᠵᠢ ᠣᠯᠵᠠᠢ᠃ ᠡᠨᠡ ᠤᠳᠠᠭ᠎ᠠ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠪᠡ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ᠂ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃

      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ᠂ ᠢᠦᠢ ᠯᠢ ᠰᠢᠨ᠂ ᠸᠧᠢ ᠭᠦᠸᠧ ᠨᠠᠨ ᠠᠵᠢᠯᠯᠠᠭ᠎ᠠ ᠳᠤ ᠣᠷᠣᠯᠴᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ