ᠸᠠᠩ ᠯᠢ ᠰᠢᠶᠠ ᠰᠤᠷᠭᠠᠨ ᠬᠥᠮᠦᠵᠢᠯ ᠤᠨ ᠶᠠᠮᠤᠨ ᠳᠤ ᠪᠠᠷᠠᠳᠠᠨ ᠶᠠᠮᠤᠨ ᠥᠪᠡᠷᠲᠡᠭᠡᠨ ᠵᠠᠰᠠᠬᠤ ᠣᠷᠣᠨ ᠤ ᠵᠥᠪᠳᠡᠯᠴᠡᠬᠦ ᠬᠤᠷᠠᠯ ᠬᠢᠵᠡᠢ
ᠨᠡᠶᠢᠲᠡᠯᠡᠭᠰᠡᠨ ᠴᠠᠭ᠄
2024/5/17


     5 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠤᠷᠭᠠᠨ ᠬᠥᠮᠦᠵᠢᠯ ᠤᠨ ᠶᠠᠮᠤᠨ ᠳᠤ ᠪᠠᠷᠠᠳᠠᠨ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤᠸᠠᠢ ᠶᠢᠨ ᠫᠧᠩ ᠲᠠᠢ ᠬᠠᠮᠢᠶ᠎ᠠ ᠪᠦᠬᠦᠢ ᠵᠦᠢᠯᠡᠰ ᠢ ᠵᠥᠪᠳᠡᠯᠴᠡᠪᠡ᠃

1.jpg

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ ᠸᠠᠩ ᠯᠢ ᠰᠢᠶᠠ ᠰᠤᠷᠭᠠᠨ ᠬᠥᠮᠦᠵᠢᠯ ᠤᠨ ᠶᠠᠮᠤᠨ ᠤ ᠥᠪᠥᠷ ᠮᠣᠩᠭᠤᠯ ᠳᠤ ᠦᠵᠡᠭᠦᠯᠦᠭᠰᠡᠨ ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠶᠠᠭ ᠶᠡᠷᠦᠩᠬᠡᠢ ᠱᠦᠵᠢ ᠰᠢ ᠶᠢᠨ ᠫᠢᠩ ᠤᠨ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠡᠶᠡᠯᠡᠭᠦᠯᠬᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠶᠠᠮᠤᠨ ᠪᠠ ᠥᠪᠡᠷᠲᠡᠭᠡᠨ ᠵᠠᠰᠠᠬᠤ ᠣᠷᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠨᠢ ᠴᠠᠭ ᠲᠠᠭᠠᠨ ᠮᠠᠰᠢ ᠲᠣᠬᠢᠷᠠᠵᠤ ᠪᠠᠶᠢᠨ᠎ᠠ᠃ ᠤᠳᠤ ᠥᠪᠥᠷ ᠮᠣᠩᠭᠤᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠬᠤᠪᠢᠷᠠᠯᠲᠠ ᠭᠠᠷᠴᠠᠢ᠃ ᠡᠷᠬᠡᠪᠰᠢ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠥᠨᠳᠥᠷᠴᠡ ᠠᠴᠠ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠢ ᠰᠢᠰᠲ᠋ᠧᠮ ᠲᠠᠢ ᠲᠥᠯᠥᠪᠵᠢᠭᠦᠯᠦᠨ ᠠᠬᠢᠭᠤᠯᠵᠤ᠂ ᠰᠦ ᠶᠢᠨ ᠦᠢᠯᠡᠰ᠂ ᠬᠤᠪᠣᠷ ᠰᠢᠷᠣᠢ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠥᠮᠦᠵᠢᠯ ᠢᠶᠠᠷ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠳᠤ ᠡᠨᠧᠷᠭᠢ ᠣᠯᠭᠤᠬᠤ ᠬᠡᠷᠡᠭᠲᠡᠢ᠃ ᠥᠪᠥᠷ ᠮᠣᠩᠭᠤᠯ ᠤᠨ ᠬᠠᠮᠤᠭ ᠤᠨ ᠶᠡᠭᠡ ᠳᠤᠲᠠᠭᠤᠳᠠᠯ ᠪᠣᠯ ᠴᠢᠳᠠᠪᠤᠷᠢᠲᠠᠨ ᠲᠤᠲᠠᠭᠳᠠᠵᠤ ᠪᠠᠶᠢᠭ᠎ᠠ ᠶᠠᠪᠤᠳᠠᠯ ᠪᠣᠯᠣᠨ᠎ᠠ᠃ ᠰᠤᠷᠭᠠᠨ ᠬᠥᠮᠦᠵᠢᠯ ᠤᠨ ᠶᠠᠮᠤᠨ ᠠᠴᠠ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠪᠠ ᠶᠡᠭᠡ ᠳᠡᠭᠡᠳᠦ ᠰᠤᠷᠭᠠᠭᠤᠯᠢ ᠶᠢᠨ ︽ ᠬᠤᠣᠰ ᠲᠡᠷᠢᠭᠦᠨ ︾᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ︽ᠰᠢᠨ᠎ᠡ ᠬᠤᠣᠰ ᠥᠨᠳᠥᠷ ︾ ᠤᠨ ᠪᠠᠶᠢᠭᠤᠯᠤᠯᠲᠠ ᠵᠡᠷᠭᠡ ᠲᠠᠯ᠎ᠠ ᠪᠠᠷ ᠨᠠᠩ ᠣᠯᠠᠨ ᠳᠡᠮᠵᠢᠯᠭᠡ ᠦᠵᠡᠭᠦᠯᠵᠦ᠂ ᠥᠪᠥᠷ ᠮᠣᠩᠭᠤᠯ ᠤᠨ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠳᠤ ᠬᠦᠴᠦᠨ ᠨᠡᠮᠡᠷᠢᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠨᠠᠩ ᠣᠯᠠᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃

     ᠬᠤᠸᠠᠢ ᠶᠢᠨ ᠫᠧᠩ᠂ ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠴᠢᠩᠭ᠎ᠠ ᠡᠵᠡᠮᠳᠡᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠪᠠᠶᠢᠳᠠᠯ ᠢᠯᠡᠷᠡᠪᠡ᠃ ᠰᠤᠷᠭᠠᠨ ᠬᠥᠮᠦᠵᠢᠯ ᠤᠨ ᠶᠠᠮᠤᠨ ᠳᠤᠷᠠᠲᠠᠶ᠎ᠠ ᠥᠪᠥᠷ ᠮᠣᠩᠭᠤᠯ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠭᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠠᠭᠤᠳᠠᠯᠤᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠤᠯᠤᠰ ᠤᠨ ᠪᠠᠶᠢᠯᠳᠤᠬᠤ ᠪᠣᠳᠣᠯᠭ᠎ᠠ ᠪᠣᠯᠣᠨ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠴᠢᠩᠭᠠᠳᠬᠠᠵᠤ᠂ ᠣᠨᠴᠠᠯᠢᠭᠲᠤ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠶᠢ ᠠᠬᠢᠭᠤᠯᠵᠤ᠂ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠡᠭᠦᠳᠦᠨ ᠪᠠᠶᠢᠭᠤᠯᠵᠤ᠂ ᠰᠦ ᠶᠢᠨ ᠦᠢᠯᠡᠰ᠂ ᠬᠤᠪᠣᠷ ᠰᠢᠷᠣᠢ ᠵᠡᠷᠭᠡ ᠠᠵᠤ ᠦᠢᠯᠡᠰ ᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠤ ᠦᠢᠯᠡᠰ ᠵᠢᠭᠠᠨ ᠰᠤᠷᠭᠠᠯᠲᠠ ᠶᠢᠨ ᠠᠭᠤᠰᠤᠯᠴᠠᠯ ᠢ ᠴᠢᠨᠠᠭᠰᠢᠳᠠ ᠭᠦᠨᠵᠡᠭᠡᠶᠢᠷᠡᠭᠦᠯᠵᠦ᠂ ︽ᠰᠤᠷᠭᠠᠭᠤᠯᠢ ᠡᠷᠭᠢᠯᠡᠭᠦ ᠥᠨᠳᠥᠷ ᠲᠦᠪᠰᠢᠨ ᠪᠦᠬᠦᠢ  ᠴᠢᠳᠠᠪᠤᠷᠢ᠂ ᠠᠵᠤ ᠦᠢᠯᠡᠰ ᠵᠢᠭᠠᠨ ᠰᠤᠷᠭᠠᠯᠲᠠ ᠶᠢᠨ ᠴᠢᠨᠠᠷ ᠰᠠᠶᠢᠲᠠᠢ ᠠᠭᠤᠰᠤᠯᠴᠠᠯ︾ ᠢᠶᠠᠷ ᠤᠳᠤᠷᠢᠳᠤᠮᠵᠢ ᠪᠤᠯᠭᠠᠬᠰᠠᠨ ︽ ᠰᠢᠨ᠎ᠡ ᠬᠤᠣᠰ ᠥᠨᠳᠥᠷ ︾ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠶᠢ ᠡᠭᠦᠳᠦᠨ ᠠᠬᠢᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠭᠤᠣᠯᠳᠠᠯᠭ᠎ᠠ ᠲᠠᠢ ᠬᠠᠨᠳᠤᠭᠤᠯᠵᠤ᠂ ᠥᠨᠳᠥᠷ ᠲᠦᠪᠰᠢᠨ ᠪᠦᠬᠦᠢ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠤᠨ ᠦᠨᠳᠦᠰᠦᠨ ᠴᠡᠭ ᠢ ᠪᠠᠬᠢᠵᠢᠭᠦᠯᠵᠦ᠂ ᠪᠠᠷᠠᠯᠠᠯᠲᠤ ᠴᠢᠨᠠᠷᠲᠠᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠬᠥᠮᠥᠨ ᠠᠮᠠ ᠶᠢᠨ ᠬᠤᠪᠢᠷᠠᠯᠲᠠ ᠲᠠᠢ ᠬᠠᠷᠢᠯᠴᠠᠨ ᠵᠣᠬᠢᠴᠠᠭᠰᠠᠨ ᠬᠠᠩᠭᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠪᠠᠷ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠦᠭᠦ ᠣᠷᠣᠨ ᠪᠦᠰᠡ ᠶᠢᠨ ᠭᠦᠨ ᠬᠡᠷᠡᠭᠯᠡᠭᠡᠨ ᠢ ᠲᠤᠷᠰᠢᠨ ᠠᠬᠢᠭᠤᠯᠵᠤ᠂ ᠰᠤᠷᠭᠠᠨ ᠬᠥᠮᠦᠵᠢᠯ ᠤᠨ ᠲᠣᠭᠠᠴᠢᠯᠠᠯᠲᠠ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ᠂ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠳᠤ ᠦᠵᠡᠭᠦᠯᠭᠦ ᠳᠠᠪᠬᠤᠷ ᠲᠠᠭᠢᠨ ᠢᠶᠠᠷ ᠨᠡᠮᠡᠭᠳᠡᠬᠦ ᠦᠷ᠎ᠡ ᠨᠥᠯᠥᠭᠡᠯᠡᠯ ᠢ ᠲᠠᠰᠤᠷᠠᠯᠳᠠ ᠦᠭᠡᠢ ᠶᠡᠬᠡᠰᠬᠡᠬᠦ ᠬᠡᠷᠡᠭᠲᠡᠢ ᠭᠡᠵᠦ ᠢᠯᠡᠳᠬᠡᠪᠡ᠃ ᠲᠡᠷᠡ᠂  ᠲᠡᠭᠦᠰᠬᠦ ᠰᠤᠷᠤᠬᠴᠢᠳ ᠤᠨ ᠰᠤᠷᠭᠠᠭᠤᠯᠢ ᠠᠴᠠ ᠪᠠᠨ ᠰᠠᠯᠬᠤ ᠴᠠᠭ ᠠᠷᠠᠢ 2 ᠪᠦᠲᠦᠨ ᠰᠠᠷ᠎ᠠ ᠦᠭᠡᠢ ᠪᠣᠯᠵᠠᠢ᠂ ᠠᠵᠢᠯ ᠣᠯᠭᠤᠯᠲᠠ ᠶᠢ ᠠᠬᠢᠭᠤᠯᠬᠤ ᠡᠭᠦᠷᠭᠡ ᠮᠠᠰᠢ ᠪᠠᠴᠢᠮ ᠲᠤᠯᠭᠠᠮ ᠪᠠᠶᠢᠨ᠎ᠠ᠃ ᠥᠪᠥᠷ ᠮᠣᠩᠭᠤᠯ ᠤᠨ ᠬᠢᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠪᠦᠭᠦ ᠤᠯᠤᠰ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠨᠡᠩ ᠶᠡᠭᠡ ᠡᠷᠴᠢᠮ ᠢᠶᠠᠷ ᠠᠵᠢᠯ ᠣᠯᠭᠤᠬᠤ ᠠᠷᠭ᠎ᠠ ᠵᠠᠮ ᠢ ᠥᠷᠭᠡᠳᠬᠡᠵᠦ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭ᠎ᠠ ᠠᠳᠬᠤᠵᠤ᠂ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠵᠦ᠂ ᠠᠷᠭ᠎ᠠ ᠪᠦᠭᠦᠨ ᠢ ᠰᠦᠪᠡᠭᠴᠢᠯᠡᠵᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭᠠᠳᠬᠠᠵᠤ᠂ ᠭᠤᠣᠯ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

2.jpg

     ᠬᠤᠷᠠᠯ ᠤᠨ ᠳᠠᠷᠠᠭ᠎ᠠ ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠦ᠋ ᠶᠠᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠰᠤᠷᠭᠠᠨ ᠬᠥᠮᠦᠵᠢᠯ ᠤᠨ ︽ ᠲᠠᠪᠤᠨ ᠶᠡᠭᠡ ᠡᠭᠦᠷᠭᠡ ︾ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠭᠦ᠂ ᠴᠢᠨᠠᠷ ᠰᠠᠶᠢᠲᠠᠢ ᠪᠠᠭᠰᠢ ᠶᠢᠨ ᠡᠩᠨᠡᠭᠡ ᠶᠢ ᠪᠠᠶᠢᠭᠤᠯᠬᠤ᠂ ᠰᠤᠷᠤᠬᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠵᠡᠷᠭᠡ 20 ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠪᠣᠯᠣᠨ᠎ᠠ᠃

     ᠰᠤᠷᠭᠠᠨ ᠬᠥᠮᠦᠵᠢᠯ ᠤᠨ ᠶᠠᠮᠤᠨ ᠤ ᠳᠡᠳ᠋ ᠰᠠᠶᠢᠳ ᠸᠠᠩ ᠭᠤᠸᠠᠩ ᠶᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ ᠶᠠᠩ ᠵᠢᠶᠧ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ