ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/5/17

 

      ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠨᠢᠭᠡᠴᠢ ᠶᠢᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠪᠡ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠳᠠᠲᠠᠢ ᠠᠵᠢᠯ ᠢ ᠵᠠᠳᠠᠯᠤᠨ ᠨᠠᠷᠢᠯᠢᠭᠵᠢᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠲᠥᠰᠥᠯ ᠲᠣᠭᠲᠠᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠣᠭᠲᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠶᠢ ᠡᠷᠭᠢᠯᠡᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠭᠡᠯᠪᠡᠷᠢ ᠪᠠᠷ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ ᠰᠤᠳᠤᠯᠤᠨ ᠶᠠᠷᠢᠯᠴᠠᠪᠠ᠃ ᠬᠤᠪᠢ ᠬᠥᠮᠥᠨ ᠥᠪᠡᠰᠦᠪᠡᠨ ᠰᠤᠷᠤᠯᠴᠠᠬᠤ᠂ ᠪᠤᠳᠤᠯ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ᠂ ᠲᠤᠰᠬᠠᠢ ᠮᠡᠷᠭᠡᠵᠢᠯᠲᠡᠨ ᠢᠶᠠᠷ ᠬᠠᠪᠰᠤᠷᠤᠨ ᠵᠢᠯᠣᠭᠤᠳᠤᠭᠤᠯᠬᠤ ᠵᠡᠷᠭᠡ ᠠᠷᠭ᠎ᠠ ᠭᠡᠯᠪᠠᠷᠢ ᠪᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠲᠡᠷᠡ ᠬᠡᠪ ᠢᠶᠠᠷ ᠨᠢ ᠪᠦᠯᠦᠭ ᠵᠤᠷᠪᠤᠰ ᠳᠠᠷᠠᠭᠠᠯᠠᠨ ᠰᠤᠷᠤᠯᠴᠠᠭᠤᠯᠵᠤ᠂ ᠲᠡᠮᠦᠷ ᠮᠡᠲᠦ ᠰᠠᠬᠢᠯᠭ᠎ᠠ ᠪᠠᠲᠤ ᠶᠢ ᠡᠳᠦᠷ ᠲᠤᠲᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠤᠯᠭᠠᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢ ᠳᠡᠭᠡᠭᠰᠢᠯᠡᠭᠦᠯᠭᠦ ᠶᠠᠪᠤᠴᠠ ᠪᠣᠯᠭᠠᠪᠠ᠃ ᠡᠭᠦᠨ ᠤ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ  ᠥᠷᠨᠢᠭᠦᠯᠬᠦ ᠶᠢ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠭᠤᠣᠯᠳᠠᠯᠭ᠎ᠠ ᠲᠠᠢ ᠠᠵᠢᠯ ᠢ ᠴᠢᠨᠠᠷ ᠰᠠᠶᠢᠲᠠᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠬᠤᠶᠠᠷ ᠢ ᠦᠯᠦ ᠰᠠᠭᠠᠲᠠᠭᠠᠬᠤ᠂ ᠬᠤᠶᠠᠷ ᠢ ᠠᠬᠢᠭᠤᠯᠬᠤ ᠶᠢ ᠪᠡᠶᠡᠯᠡᠭᠦᠯᠵᠦ ᠪᠠᠶᠢᠨ᠎ᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠢᠨ ᠥᠨᠳᠥᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠵᠤ᠂ ᠲᠥᠰᠥᠯ ᠲᠣᠭᠲᠠᠭᠠᠬᠤ᠂ ᠳᠠᠶᠢᠴᠢᠯᠠᠨ ᠪᠠᠶᠢᠷᠢᠯᠠᠭᠤᠯᠬᠤ ᠪᠠ ᠲᠤᠰᠬᠠᠢ ᠰᠡᠳᠦᠪᠲᠦ ᠨᠣᠮ ᠤᠩᠰᠢᠬᠤ ᠠᠩᠭᠢ ᠵᠡᠷᠭᠡ ᠭᠤᠭᠴᠤᠭ᠎ᠠ ᠶᠢ ᠬᠦᠴᠦᠯᠡᠨ ᠰᠠᠶᠢᠲᠤᠷ ᠠᠳᠬᠤᠵᠤ᠂ 6 ᠵᠦᠢᠯ ᠤᠨ ᠭᠤᠣᠯᠳᠠᠯᠭ᠎ᠠ ᠲᠠᠢ ᠠᠵᠢᠯ ᠢ ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠪᠠ᠃ ᠨᠠᠮ ᠤᠨ ᠭᠡᠰᠢᠭᠦᠨ ᠥᠪᠡᠰᠦᠪᠡᠨ ᠰᠤᠷᠤᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠴᠤ ᠳᠠᠭᠠᠭᠤᠯᠤᠨ ᠰᠤᠷᠤᠯᠴᠠᠬᠤ᠂ ᠤᠳᠤᠷᠢᠳᠬᠤ ᠺᠠᠳ᠋ᠷ ᠳᠠᠭᠠᠭᠤᠯᠤᠨ ᠰᠤᠷᠤᠯᠴᠠᠬᠤ᠂ ᠪᠤᠳᠤᠯ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠪᠦᠭᠦ ᠨᠠᠮ ᠤᠨ ᠭᠡᠰᠢᠭᠦᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠦᠷᠢᠮ︾ ᠢ ᠪᠦᠯᠦᠭ ᠵᠤᠷᠪᠤᠰ ᠳᠠᠷᠠᠭᠠᠯᠠᠨ ᠨᠠᠷᠢᠨ ᠬᠢᠨᠠᠮᠠᠭᠠᠢ ᠰᠤᠷᠤᠯᠴᠠᠪᠠ᠃ ᠤᠯᠠᠨ ᠢᠶᠠᠷ ᠢᠶᠠᠨ ᠰᠡᠳᠬᠢᠯ ᠲᠠᠯᠪᠢᠨ ᠰᠠᠬᠢᠯᠭ᠎ᠠ ᠪᠠᠲᠤ ᠶᠢ ᠰᠤᠷᠤᠯᠴᠠᠬᠤ ᠳᠤᠮᠳᠠ ᠪᠠᠨ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠰᠠᠬᠢᠯᠭ᠎ᠠ ᠪᠠᠲᠤ ᠶᠢ ᠵᠥᠪ ᠣᠶᠢᠯᠠᠭᠠᠬᠤ ᠳᠤᠮᠳᠠ ᠪᠠᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠰᠠᠬᠢᠯᠭ᠎ᠠ ᠪᠠᠲᠤ ᠶᠢ ᠲᠣᠳᠣᠷᠬᠠᠢ ᠲᠣᠭᠲᠠᠭᠠᠬᠤ ᠳᠤᠮᠳᠠ ᠪᠠᠨ ᠥᠪᠡᠷ ᠢ ᠪᠠᠨ ᠰᠡᠷᠡᠮᠵᠢᠯᠡᠭᠦᠯᠵᠦ ᠥᠪᠡᠷ ᠢ ᠪᠠᠨ ᠲᠤᠩᠭᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠳᠤᠮᠳᠠ ᠪᠠᠨ ᠡᠷᠡᠮᠡᠬᠡᠶᠢᠯᠡᠨ ᠠᠵᠢᠯᠯᠠᠵᠤ᠂ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠦᠨᠡᠨ ᠬᠦ ᠨᠢᠭᠡᠳᠦᠮᠡᠯ ᠹᠷᠣᠨᠲ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠢ ᠰᠠᠶᠢᠲᠤᠷ ᠠᠳᠬᠤᠬᠤ ᠪᠦᠭᠦ ᠶᠠᠪᠤᠴᠠ᠂ ᠡᠯ᠎ᠡ ᠲᠠᠯ᠎ᠠ ᠳᠤ ᠢᠯᠡᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠨ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠪᠠ᠃

      ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠢᠨ ᠲᠥᠪᠯᠡᠷᠡᠭᠦᠯᠦᠨ ᠰᠤᠷᠤᠯᠴᠠᠬᠤ᠂ ᠬᠤᠪᠢ ᠬᠥᠮᠥᠨ ᠥᠪᠡᠰᠦᠪᠡᠨ ᠰᠤᠷᠤᠯᠴᠠᠬᠤ᠂ ᠰᠡᠷᠡᠮᠵᠢᠯᠡᠭᠦᠯᠭᠦ ᠬᠥᠮᠦᠵᠢᠯ ᠬᠢᠬᠦ᠂ ᠲᠤᠰᠬᠠᠢ ᠰᠡᠳᠦᠪᠲᠦ ᠲᠠᠶᠢᠯᠤᠮᠵᠢ ᠡᠷᠭᠢᠯᠡᠭᠦ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠲᠠᠪᠤᠨ ᠰᠤᠷᠤᠯᠴᠠᠯᠭ᠎ᠠ ᠪᠠᠷ ᠬᠤᠯᠪᠤᠭᠠᠯᠠᠨ ᠬᠥᠳᠡᠯᠦᠯᠴᠡᠬᠦ ᠠᠷᠭ᠎ᠠ ᠭᠡᠯᠪᠡᠷᠢ ᠪᠠᠷ ᠳᠠᠮᠵᠢᠭᠤᠯᠤᠨ  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ ᠨᠠᠮ ᠤᠨ ᠭᠡᠰᠢᠭᠦᠨ ᠺᠠᠳ᠋ᠷᠴᠤᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠤ᠂ ︽ᠳᠦᠷᠢᠮ︾ ᠢ ᠲᠡᠷᠡ ᠬᠡᠪ ᠢᠶᠠᠷ ᠨᠢ ᠰᠤᠷᠤᠯᠴᠠᠵᠤ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ︽ᠺᠠᠳ᠋ᠷ ᠤᠨ ᠡᠩᠨᠡᠭᠡ ᠶᠢᠨ ᠬᠥᠮᠦᠵᠢᠯ ᠢ ᠭᠦᠨᠵᠡᠭᠡᠶᠢᠷᠡᠭᠦᠯᠬᠦ ᠪᠠ ᠠᠵᠢᠯ ᠤᠨ ᠰᠤᠷᠲᠠᠯ ᠢ ᠴᠡᠭᠴᠡᠯᠡᠬᠦ︾ ᠲᠤᠰᠬᠠᠢ ᠠᠵᠢᠯᠯᠠᠭ᠎ᠠ ᠵᠡᠷᠭᠡ ᠶᠢ ᠭᠦᠨᠵᠡᠭᠡᠢ ᠥᠷᠨᠢᠭᠦᠯᠦᠨ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠪᠡ᠃ ᠲᠦᠷᠦᠭᠦᠬᠡᠨ  ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠢᠨ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠭᠦᠭᠡᠬᠤᠲᠠ ᠶᠢᠨ ᠭᠤᠷᠪᠠᠳᠤᠭᠠᠷ ᠭᠢᠨᠳᠠᠨ ᠳᠤ ᠬᠦᠷᠴᠦ ᠰᠡᠷᠡᠮᠵᠢᠯᠡᠭᠦᠯᠭᠦ ᠬᠥᠮᠦᠵᠢᠯ ᠤᠨ ᠠᠵᠢᠯᠯᠠᠭ᠎ᠠ ᠥᠷᠨᠢᠭᠦᠯᠪᠠ ︔ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ︽ᠳᠦᠷᠢᠮ︾ ᠢ ᠪᠦᠯᠦᠭ ᠵᠤᠷᠪᠤᠰ ᠳᠠᠷᠠᠭᠠᠯᠠᠨ ᠭᠦᠨᠵᠡᠭᠡᠢ ᠲᠠᠶᠢᠯᠪᠤᠷᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢᠨ ᠲᠣᠭᠤᠷᠢᠨ ᠳᠤ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃

      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠬᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠠᠰᠤᠷᠠᠯᠲᠠ ᠦᠭᠡᠢ ᠴᠢᠩᠭᠠᠳᠬᠠᠵᠤ ᠪᠤᠢ᠃ ᠲᠣᠰ ᠲᠢᠩᠬᠢᠮ ᠤᠨ ᠬᠢᠨ ᠨᠣᠮ ᠤᠩᠰᠢᠬᠤ ᠠᠩᠭᠢ ᠡᠷᠭᠢᠯᠡᠭᠦ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠤᠰᠬᠠᠢ ᠮᠡᠷᠭᠡᠵᠢᠯᠲᠡᠨ ᠤ ᠲᠠᠶᠢᠯᠤᠮᠵᠢ ᠡᠷᠭᠢᠯᠡᠭᠦ᠂ ᠵᠠᠯᠠᠭᠤᠴᠤᠳ ᠤᠨ ᠣᠨᠣᠯ ᠤᠨ ᠳᠤᠭᠤᠶᠢᠯᠠᠩ ᠤᠨ ᠰᠤᠷᠤᠯᠴᠠᠯᠭ᠎ᠠ ᠬᠢᠬᠦ᠂ ᠲᠥᠪᠯᠡᠷᠡᠭᠦᠯᠦᠨ ᠰᠡᠷᠡᠮᠵᠢᠯᠡᠭᠦᠯᠭᠦ ᠬᠥᠮᠦᠵᠢᠯ ᠬᠢᠬᠦ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ  ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠦᠭᠦ ᠶᠠᠪᠤᠴᠠ ᠶᠢᠨ ᠡᠯ᠎ᠡ ᠲᠠᠯ᠎ᠠ ᠳᠤ ᠦᠨᠡᠨ ᠬᠦ ᠠᠭᠤᠰᠤᠯᠴᠠᠭᠤᠯᠵᠤ᠂ ᠰᠠᠬᠢᠯᠭ᠎ᠠ ᠪᠠᠲᠤ ᠪᠠ ᠶᠣᠰᠣ ᠳᠦᠷᠢᠮ ᠢ ᠰᠡᠳᠬᠢᠯ ᠳᠡᠭᠡᠨ ᠬᠠᠳᠠᠩᠰᠢᠭᠤᠯᠵᠤ᠂ ᠦᠶᠯᠡ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ ᠪᠤᠢ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠶᠠᠩ ᠯᠢᠨ ᠯᠢᠨ᠄ ︽ᠪᠢᠳᠡ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠬᠤᠪᠢ ᠬᠥᠮᠥᠨ ᠥᠪᠡᠰᠦᠪᠡᠨ ᠰᠤᠷᠤᠯᠴᠠᠬᠤ᠂ ᠲᠥᠪᠯᠡᠷᠡᠭᠦᠯᠦᠨ ᠶᠠᠷᠢᠯᠴᠠᠨ ᠰᠣᠯᠢᠯᠴᠠᠬᠤ ᠵᠡᠷᠭᠡ ᠰᠤᠷᠤᠯᠴᠠᠬᠤ ᠠᠷᠭ᠎ᠠ ᠭᠡᠯᠪᠡᠷᠢ ᠪᠠᠷ ᠳᠠᠮᠵᠢᠭᠤᠯᠤᠨ ᠰᠠᠬᠢᠯᠭ᠎ᠠ ᠪᠠᠲᠤ ᠶᠢᠨ ᠤᠬᠠᠮᠰᠠᠷ ᠢᠶᠠᠨ ᠪᠦᠲᠦᠮᠵᠢᠲᠡᠶ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠰᠠᠬᠢᠯᠭ᠎ᠠ ᠪᠠᠲᠤ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠪᠡ᠃ ᠲᠠᠷᠠᠭᠠᠴᠢ ᠪᠠᠷ ᠪᠢ ᠰᠤᠷᠤᠬᠰᠠᠨ ᠵᠦᠢᠯᠡᠰ ᠢᠶᠠᠨ ᠦᠨᠡᠨ ᠬᠦ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠬᠤ ᠪᠠ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠣᠷᠣᠨ ᠢ ᠲᠦᠷᠭᠡᠳᠬᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠯ᠎ᠡ᠃

      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠰᠠᠬᠢᠯᠭ᠎ᠠ ᠪᠠᠲᠤ ᠶᠢ ᠰᠤᠷᠤᠯᠴᠠᠭᠤᠯᠤᠨ᠂ ᠰᠠᠬᠢᠯᠭ᠎ᠠ ᠪᠠᠲᠤ ᠶᠢ ᠣᠶᠢᠯᠠᠭᠠᠭᠤᠯᠤᠨ᠂ ᠰᠠᠬᠢᠯᠭ᠎ᠠ ᠪᠠᠲᠤ ᠶᠢ ᠵᠢᠷᠤᠮᠯᠠᠭᠤᠯᠪᠠ᠃ 4 ᠰᠠᠷ᠎ᠠ ᠶᠢᠨ 23 ᠤ ᠡᠳᠦᠷ ᠠᠴᠠ 24 ᠤ ᠡᠳᠦᠷ ᠪᠤᠯᠲᠠᠯ᠎ᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠪᠠ ︔ 4 ᠰᠠᠷ᠎ᠠ ᠶᠢᠨ 28 ᠤ ᠡᠳᠦᠷ᠂ ᠨᠠᠮ ᠤᠨ ᠠᠵᠢᠯ ᠪᠠ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠪᠣᠯᠪᠠᠰᠤᠷᠠᠯ ᠤᠨ ᠠᠩᠭᠢ ᠡᠷᠭᠢᠯᠡᠪᠡ ︔ 5 ᠰᠠᠷ᠎ᠠ ᠶᠢᠨ 10 ᠤ ᠡᠳᠦᠷ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠶᠠᠳᠤᠭᠠᠷ ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠠᠷᠢ ᠪᠠᠷ ᠳᠠᠮᠵᠢᠭᠤᠯᠤᠨ  ᠨᠠᠮ ᠤᠨ ᠭᠡᠰᠢᠭᠦᠨ ᠺᠠᠳ᠋ᠷᠴᠤᠳ ︽ᠳᠦᠷᠢᠮ︾ ᠢ ᠪᠦᠯᠦᠭ ᠵᠤᠷᠪᠤᠰ ᠳᠠᠷᠠᠭᠠᠯᠠᠨ ᠰᠤᠷᠤᠯᠴᠠᠪᠠ᠃ ︽ᠲᠥᠪᠯᠡᠷᠡᠩᠭᠦᠢ ᠰᠤᠷᠤᠯᠴᠠᠯᠭ᠎ᠠ ᠬᠥᠮᠦᠵᠢᠯ ᠢᠶᠠᠷ ᠳᠠᠮᠵᠢᠭᠤᠯᠤᠨ ᠰᠠᠬᠢᠯᠭ᠎ᠠ ᠪᠠᠲᠤ ᠶᠢᠨ ᠲᠣᠭᠲᠠᠭᠠᠯ ᠢ ᠤᠯᠠᠮ ᠴᠢᠨᠠᠭᠰᠢᠳᠠ ᠲᠣᠳᠣᠷᠬᠠᠶᠢᠯᠠᠵᠤ᠂ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠪᠠ︾ ᠭᠡᠵᠦ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠰᠢᠤᠸᠠᠢ ᠷᠦ᠋ ᠬᠡᠯᠡᠨ᠎ᠡ᠃

      ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠤᠨ ᠬᠢᠨ ᠬᠡᠷᠡᠭᠵᠢᠭᠦᠯᠬᠦ ᠲᠥᠰᠥᠯ ᠲᠣᠭᠲᠠᠭᠠᠵᠤ᠂ 17 ᠵᠤᠷᠪᠤᠰ ᠪᠣᠳᠠᠲᠠᠢ ᠡᠭᠦᠷᠭᠡ ᠶᠢ ᠲᠣᠳᠣᠷᠬᠠᠶᠢᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠵᠢᠴᠢ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ︽559︾ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠵᠡᠷᠭᠡ ᠶᠢ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯᠣᠨ ᠠᠵᠢᠯᠴᠢᠨ ᠤ ᠡᠪᠯᠡᠯ ᠤᠨ ᠠᠵᠢᠯ ᠢ ᠬᠠᠷᠢᠯᠴᠠᠨ ᠬᠠᠮᠲᠤ ᠪᠠᠷ ᠠᠬᠢᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠭᠦ ᠪᠠᠷ ᠳᠠᠮᠵᠢᠭᠤᠯᠤᠨ ᠲᠥᠪᠯᠡᠷᠡᠭᠦᠯᠦᠨ ᠰᠤᠷᠤᠯᠴᠠᠬᠤ᠂ ᠰᠡᠷᠡᠮᠵᠢᠯᠡᠭᠦᠯᠭᠦ ᠬᠥᠮᠦᠵᠢᠯ ᠤᠨ ᠹᠢᠯᠢᠮ ᠦᠵᠡᠬᠦ᠂ ᠲᠤᠰᠬᠠᠢ ᠰᠡᠳᠦᠪᠲᠦ ᠲᠠᠶᠢᠯᠤᠮᠵᠢ ᠡᠷᠭᠢᠯᠡᠭᠦ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠳᠤᠯᠤᠨ ᠶᠠᠷᠢᠯᠴᠠᠬᠤ ᠵᠡᠷᠭᠡ ᠠᠷᠭ᠎ᠠ ᠭᠡᠯᠪᠡᠷᠢ ᠶᠢ ᠠᠪᠴᠤ᠂ ︽ᠳᠥᠷᠪᠡᠨ ᠰᠤᠷᠤᠯᠴᠠᠯᠭ᠎ᠠ ᠬᠤᠯᠪᠤᠭᠠᠯᠠᠨ ᠬᠥᠳᠡᠯᠦᠯᠴᠡᠬᠦ︾ ᠲᠣᠭᠲᠠᠴᠠ ᠶᠢ ᠬᠡᠷᠡᠭᠯᠡᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠵᠦ᠂ ᠴᠢᠨᠠᠷ ᠰᠠᠶᠢᠲᠠᠢ ᠠᠬᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠠᠪᠰᠤᠷᠤᠨ ︽ᠳᠦᠷᠢᠮ︾ ᠤᠨ ᠭᠤᠣᠯ ᠵᠣᠷᠢᠯᠲᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠵᠦ᠂ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠠᠵᠢᠯ ᠬᠢᠵᠦ ᠦᠢᠯᠡᠰ ᠪᠣᠰᠬᠠᠬᠤ  ᠡᠷᠴᠢ ᠵᠣᠷᠢᠭ ᠢ ᠬᠥᠪᠴᠢᠯᠡᠵᠦ ᠬᠦᠴᠦᠨ ᠴᠢᠳᠠᠯ ᠢ ᠨᠢᠭᠲᠠᠷᠠᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠵᠤ ᠪᠤᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ