ᠤᠯᠠᠭᠠᠨᠴᠠᠪ ᠳ᠋ᠠᠲ᠋ᠦ᠋ᠩ ᠤᠨ ᠳᠡᠭᠡᠳᠦ ᠬᠤᠷᠳᠤ ᠶᠢᠨ ᠲᠡᠮᠦᠷ ᠵᠠᠮ ᠪᠦᠬᠦ ᠱᠤᠭᠤᠮ ᠢᠶᠠᠷ ᠵᠠᠮ ᠳᠡᠪᠢᠰᠬᠦ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2024/5/17

    5 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠲᠦᠷᠦᠭᠦᠸ ᠬᠤᠣᠰ 500 ᠮᠧᠲᠷ ᠤᠨ ᠣᠷᠳᠣ ᠵᠠᠮ ᠲᠡᠮᠦᠷ ᠢ ᠤᠯᠠᠭᠠᠨᠴᠠᠪ ᠳ᠋ᠠᠲ᠋ᠦ᠋ᠩ ᠤᠨ ᠳᠡᠭᠡᠳᠦ ᠬᠤᠷᠳᠤ ᠶᠢᠨ ᠲᠡᠮᠦᠷ ᠵᠠᠮ ︵ᠤᠤᠯ ᠤᠨ ᠵᠢᠨᠢᠩ ᠳ᠋ᠠᠲ᠋ᠦ᠋ᠩ ᠶᠤᠸᠠᠨᠫᠢᠩ ᠤᠨ ᠳᠡᠭᠡᠳᠦ ᠬᠤᠷᠳᠤ ᠶᠢᠨ ᠲᠡᠮᠦᠷ ᠵᠠᠮ ᠤᠨ ᠤᠯᠠᠭᠠᠨᠴᠠᠪ ᠠᠴᠠ ᠳ᠋ᠠᠲ᠋ᠦ᠋ᠩ ᠬᠦᠷᠬᠦ ᠬᠡᠰᠡᠭ︶ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠤᠷ ᠲᠤ ᠤᠷᠤᠭᠰᠢᠲᠠᠢ ᠳᠡᠪᠢᠰᠬᠦ ᠶᠢ ᠳᠠᠭᠠᠯᠳᠤᠨ᠂ ᠤᠯᠠᠭᠠᠨᠴᠠᠪ ᠳ᠋ᠠᠲ᠋ᠦ᠋ᠩ ᠤᠨ ᠳᠡᠭᠡᠳᠦ ᠬᠤᠷᠳᠤ ᠶᠢᠨ ᠲᠡᠮᠦᠷ ᠵᠠᠮ ᠪᠥᠬᠦ ᠱᠤᠭᠤᠮ ᠢᠶᠠᠷ ᠵᠠᠮ ᠳᠡᠪᠢᠰᠬᠦ ᠱᠠᠲᠤᠨ ᠳᠤ ᠣᠷᠣᠵᠤ᠂ ᠵᠠᠮ ᠱᠤᠭᠤᠮ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠬᠤ ᠤᠯᠠᠮ ᠣᠶᠢᠷᠠᠲᠤᠭᠰᠠᠨ ᠢ ᠬᠠᠷᠠᠭᠤᠯᠵᠤ ᠪᠠᠶᠢᠨ᠎ᠠ᠃

    ᠤᠯᠠᠭᠠᠨᠴᠠᠪ ᠳ᠋ᠠᠲ᠋ᠦ᠋ᠩ ᠤᠨ ᠳᠡᠭᠡᠳᠦ ᠬᠤᠷᠳᠤ ᠶᠢᠨ ᠲᠡᠮᠦᠷ ᠵᠠᠮ ᠪᠣᠯ ᠤᠯᠤᠰ ᠤᠨ ᠳᠤᠮᠳᠠ ᠣᠷᠳᠣ ᠬᠤᠭᠤᠴᠠᠭᠠᠨ ᠤ ᠲᠡᠮᠦᠷ ᠵᠠᠮ ᠤᠨ ᠲᠣᠣᠷ ᠲᠤ ᠲᠥᠯᠥᠪᠯᠡᠭᠰᠡᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠳᠡᠭᠡᠳᠦ ᠬᠤᠷᠳᠤ ᠶᠢᠨ ᠲᠡᠮᠦᠷ ᠵᠠᠮ ᠤᠨ ᠲᠣᠣᠷ ᠤᠨ ᠬᠥᠬᠡᠬᠤᠲᠠ ᠶᠢᠨ ᠡᠮᠦᠨ᠎ᠡ ᠬᠡᠰᠡᠭ ᠤᠨ ᠨᠡᠪᠲᠡᠷᠡᠬᠦ ᠵᠠᠮ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠵᠠᠮ ᠱᠤᠭᠤᠮ ᠨᠢ ᠤᠯᠠᠭᠠᠨᠴᠠᠪ ᠥᠷᠲᠡᠭᠡ ᠠᠴᠠ ᠡᠬᠢᠯᠡᠵᠦ᠂ ᠡᠮᠦᠨᠡᠰᠢ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠹᠧᠩᠵᠧᠨ ᠬᠤᠲᠠ ᠶᠢᠨ ᠪᠠᠷᠠᠭᠤᠨ ᠲᠠᠯ᠎ᠠ ᠪᠠᠷ ᠥᠩᠭᠡᠷᠡᠨ᠂ ᠵᠡᠭᠦᠨ ᠡᠮᠦᠨᠡᠰᠢ ᠳ᠋ᠠᠲ᠋ᠦ᠋ᠩ ᠬᠤᠲᠠ ᠶᠢᠨ ᠰᠢᠨ ᠷᠥᠩ ᠲᠣᠭᠤᠷᠢᠭ ᠤᠨ ᠬᠢᠵᠠᠭᠠᠷ ᠲᠤ ᠣᠷᠣᠵᠤ᠂ ᠬᠠᠮᠤᠭ ᠰᠡᠭᠦᠯ ᠳᠤ ᠳ᠋ᠠᠲ᠋ᠦ᠋ᠩ ᠤᠨ ᠡᠮᠦᠨ᠎ᠡ ᠥᠷᠲᠡᠭᠡ ᠳᠤ ᠵᠠᠯᠭᠠᠨ᠎ᠠ᠂ ᠭᠤᠣᠯ ᠱᠤᠭᠤᠮ ᠤᠨ ᠪᠥᠬᠦ ᠣᠷᠳᠣ ᠨᠢ 137.804 ᠺᠢᠯᠣᠮᠧᠲᠷ ᠪᠠᠶᠢᠵᠤ᠂ ᠡᠭᠦᠨ ᠳᠤ ᠥᠪᠥᠷ ᠮᠣᠩᠭᠤᠯ ᠤᠨ ᠬᠡᠰᠡᠭ ᠤᠨ ᠭᠤᠣᠯ ᠱᠤᠭᠤᠮ ᠤᠨ ᠪᠥᠬᠦ ᠣᠷᠳᠣ ᠨᠢ ᠪᠠᠷᠤᠭ 71.9 ᠺᠢᠯᠣᠮᠧᠲᠷ᠂ ᠲᠥᠯᠥᠪᠯᠡᠭᠰᠡᠨ ᠴᠠᠭ ᠤᠨ ᠬᠤᠷᠳᠤᠴᠠ ᠨᠢ 250 ᠺᠢᠯᠣᠮᠧᠲᠷ ᠪᠣᠯᠣᠨ᠎ᠠ᠃

    ᠲᠣᠰ ᠤᠳᠠᠭᠠᠨ ᠤ ᠲᠡᠮᠦᠷ ᠵᠠᠮ ᠳᠡᠪᠢᠰᠬᠦ ᠠᠵᠢᠯ ᠳᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ CPG500 ᠬᠡᠯᠪᠡᠷᠢ ᠶᠢᠨ ᠵᠠᠮ ᠳᠡᠪᠢᠰᠬᠦ ᠮᠠᠰᠢᠨ ᠢᠶᠠᠷ ᠣᠷᠳᠣ ᠲᠡᠮᠦᠷ ᠵᠠᠮ ᠳᠡᠪᠢᠰᠴᠦ᠂ 500 ᠮᠧᠲᠷ ᠤᠨ ᠣᠷᠳᠣ ᠲᠡᠮᠦᠷ ᠵᠠᠮ ᠪᠠ ᠵᠠᠮ ᠤᠨ ᠳᠡᠷ᠎ᠡ ᠶᠢ ᠨᠢᠭᠡ ᠯᠡ ᠤᠳᠠᠭ᠎ᠠ ᠳᠤ ᠳᠡᠪᠢᠰᠴᠦ ᠪᠣᠯᠣᠨ᠎ᠠ᠂ ᠳᠠᠷᠠᠭ᠎ᠠ ᠨᠢ ᠰᠢᠭᠤᠳ ᠬᠡᠮᠬᠡᠳᠡᠭ ᠳᠡᠪᠢᠰᠴᠦ ᠵᠠᠮ ᠲᠡᠭᠰᠢᠯᠡᠬᠦ᠂ ᠵᠠᠮ ᠲᠡᠮᠦᠷ ᠭᠠᠩᠨᠠᠵᠤ ᠰᠤᠯᠠᠳᠬᠠᠬᠤ ᠵᠡᠷᠭᠡ ᠠᠵᠢᠯ ᠤᠳ ᠢ ᠬᠢᠨ᠎ᠡ᠂ ᠡᠨᠡ ᠨᠢ ᠬᠥᠮᠥᠨ ᠤ ᠬᠦᠴᠦ ᠪᠠᠷ ᠪᠠ ᠰᠣᠯᠪᠢᠴᠠᠭᠤᠯᠤᠨ ᠪᠠᠷᠢᠬᠤ ᠠᠵᠢᠯ ᠴᠥᠭᠡᠨ᠂ ᠮᠠᠰᠢᠨᠴᠢᠯᠠᠭᠰᠠᠨ ᠬᠡᠮᠵᠢᠶ᠎ᠡ ᠥᠨᠳᠥᠷ᠂ ᠳᠡᠪᠢᠰᠬᠦ ᠨᠢ ᠨᠠᠷᠢᠯᠢᠭ᠂ ᠠᠵᠢᠯ ᠤᠨ ᠪᠦᠲᠦᠮᠵᠢ ᠥᠨᠳᠥᠷ ᠵᠡᠷᠭᠡ ᠳᠠᠪᠠᠭᠤᠯᠢᠭ ᠤᠳ ᠲᠠᠢ ᠪᠠᠶᠢᠵᠤ᠂ ᠲᠡᠮᠦᠷ ᠵᠠᠮ ᠳᠡᠪᠢᠰᠬᠦ ᠠᠵᠢᠯ ᠤᠨ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠪᠦᠲᠦᠮᠵᠢᠲᠡᠶ ᠪᠠᠲᠤᠯᠠᠵᠤ ᠴᠢᠳᠠᠨ᠎ᠠ᠃

    ᠤᠯᠠᠭᠠᠨᠴᠠᠪ ᠳ᠋ᠠᠲ᠋ᠦ᠋ᠩ ᠤᠨ ᠳᠡᠭᠡᠳᠦ ᠬᠤᠷᠳᠤ ᠶᠢᠨ ᠲᠡᠮᠦᠷ ᠵᠠᠮ ᠢ ᠪᠥᠬᠦ ᠱᠤᠭᠤᠮ ᠢᠶᠠᠷ ᠨᠡᠪᠲᠡᠷᠡᠭᠦᠯᠦᠭᠰᠡᠨ ᠤ ᠳᠠᠷᠠᠭ᠎ᠠ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠳ᠋ᠠᠲ᠋ᠦ᠋ᠩ᠂ ᠲᠠᠶᠢᠶᠤᠸᠠᠨ᠂ ᠵᠧᠩᠵᠧᠦ ᠵᠡᠷᠭᠡ ᠳᠡᠭᠡᠳᠦ ᠬᠤᠷᠳᠤ ᠶᠢᠨ ᠲᠡᠮᠦᠷ ᠵᠠᠮ ᠤᠨ ᠬᠦᠢᠰᠦ ᠲᠠᠢ ᠬᠤᠯᠪᠣᠨ ᠨᠡᠪᠲᠡᠷᠡᠭᠦᠯᠬᠦ ᠶᠢ ᠪᠡᠶᠡᠯᠡᠭᠦᠯᠬᠦ ᠪᠣᠯᠣᠨ᠎ᠠ᠂ ᠲᠡᠷᠡ ᠦᠶ᠎ᠡ ᠳᠤ ᠥᠪᠥᠷ ᠮᠣᠩᠭᠤᠯ ᠬᠢᠭᠡᠳ ᠳᠤᠮᠳᠠᠳᠤ ᠣᠷᠣᠨ᠂ ᠳᠣᠷᠣᠨᠠᠲᠤ ᠣᠷᠣᠨ᠂ ᠪᠠᠷᠠᠭᠤᠨ ᠡᠮᠦᠨᠡᠲᠦ ᠣᠷᠣᠨ ᠵᠡᠷᠭᠡ ᠭᠠᠵᠠᠷ ᠣᠷᠣᠨ ᠤ ᠳᠡᠭᠡᠳᠦ ᠬᠤᠷᠳᠤ ᠶᠢᠨ ᠲᠡᠮᠦᠷ ᠵᠠᠮ ᠤᠨ ᠵᠢᠭᠤᠯᠴᠢᠯᠠᠯ ᠤᠨ ᠴᠠᠭ ᠢ ᠶᠡᠭᠡ ᠪᠠᠷ ᠪᠣᠭᠤᠨᠢᠰᠬᠠᠵᠤ᠂ ᠵᠠᠮ ᠳᠠᠭᠠᠤ ᠶᠢᠨ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮᠯᠡᠬᠦ᠂ ᠭᠠᠵᠠᠷ ᠣᠷᠣᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ