ᠬᠥᠯᠥᠨ ᠪᠤᠶᠢᠷ ᠬᠤᠲᠠ ᠶᠢᠨ ᠡᠯ᠎ᠡ ᠭᠠᠵᠠᠷ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2024/5/17

     2024 ᠣᠨ ᠤ ᠪᠦᠬᠦ ᠣᠷᠣᠨ ᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠲᠠᠯᠠᠪᠤᠷ ᠤᠨ ᠠᠵᠢᠯᠯᠠᠭ᠎ᠠ ᠬᠥᠯᠥᠨ ᠪᠤᠶᠢᠷ ᠬᠤᠳᠠ ᠳᠤ ᠡᠬᠢᠯᠡᠭᠰᠡᠨ ᠠᠴᠠ ᠨᠠᠭᠠᠰᠢ᠂ ᠣᠶᠢᠷ᠎ᠠ ᠶᠢᠨ ᠡᠳᠦᠷ ᠤᠳ ᠲᠤ ᠂ ᠬᠥᠯᠥᠨ ᠪᠤᠶᠢᠷ ᠬᠤᠳᠠ ᠶᠢᠨ ᠡᠯ᠎ᠡ ᠭᠠᠵᠠᠷ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ ᠂ ᠵᠤᠭ᠎ᠠ ᠴᠡᠩᠬᠡᠯ ᠢᠶᠠᠷ ᠬᠦᠮᠦᠵᠢᠭᠦᠯᠬᠦ᠂ ᠰᠤᠶᠤᠯ ᠢᠶᠠᠷ ᠤᠬᠠᠭᠠᠷᠠᠭᠤᠯᠬᠤ ᠶᠢ ᠳᠣᠪᠤᠶᠢᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ ᠦᠵᠡᠭᠳᠡᠮ᠎ᠡ ᠰᠡᠳᠬᠢᠯ ᠳᠤ ᠰᠠᠭᠤᠭᠳᠠᠮ᠎ᠠ ᠪᠠᠲᠤᠳᠬᠠᠵᠤ ᠪᠤᠢ᠃ 

      ᠬᠠᠭᠤᠴᠢᠨ ᠪᠠᠷᠭᠤ ᠬᠤᠰᠢᠭᠤ ᠪᠤᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ ᠶᠢᠨ ᠬᠠᠳᠬᠤᠮᠠᠯ ᠪᠦᠲᠦᠭᠡᠯ ᠤᠨ ᠦᠵᠡᠰᠬᠦᠯᠡᠩ ᠂ ᠤᠬᠠᠭᠤᠯᠤᠨ ᠲᠠᠶᠢᠯᠪᠤᠷᠢᠯᠠᠬᠤ ᠂ ᠤᠷᠠᠨ ᠰᠠᠶᠢᠬᠠᠨ ᠤ ᠲᠣᠭᠯᠠᠯᠲᠠ ᠵᠡᠷᠭᠡ ᠬᠡᠯᠪᠡᠷᠢ ᠪᠠᠷ ᠤᠬᠠᠭᠤᠯᠭ᠎ᠠ ᠶᠢᠨ ᠢᠳᠡᠪᠬᠢᠲᠡᠢ ᠪᠠᠶᠢᠳᠠᠯ ᠢ ᠶᠡᠭᠡ ᠪᠠᠷ ᠪᠤᠢ ᠪᠣᠯᠭᠠᠵᠤ ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠣᠳᠣᠯᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠠᠢ ᠃ ᠠᠷᠤᠨ ᠬᠤᠰᠢᠭᠤᠨ ᠤ 45 ︽ᠠᠨᠠᠷ ᠤᠨ ᠦᠷ᠎ᠡ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠬᠤ ᠂ ︽ᠭᠠᠷ ᠭᠠᠷ ᠢᠶᠠᠨ ᠬᠤᠯᠪᠣᠯᠴᠠᠬᠤ︾ ᠵᠡᠷᠭᠡ ᠣᠯᠠᠨ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠤ ᠭᠡᠷ ᠣᠷᠣᠨ ᠢ ᠬᠠᠮᠲᠤ ᠪᠠᠷ ᠴᠣᠭᠴᠠᠯᠠᠪᠠ ᠃ ᠰᠢᠨ᠎ᠡ ᠪᠠᠷᠭᠤ ᠪᠠᠷᠠᠭᠤᠨ ᠬᠤᠰᠢᠭᠤᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠤᠨ ᠠᠬᠤᠢ ᠲᠠᠯᠠᠪᠠᠶ ᠳᠤ ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠂ ᠤᠬᠠᠭᠤᠯᠭ᠎ᠠ ᠶᠢᠨ ᠳᠡᠪᠲᠡᠷ ᠲᠠᠷᠬᠠᠭᠠᠵᠤ ᠂ ᠤᠬᠠᠭᠤᠯᠭ᠎ᠠ ᠶᠢᠨ ᠰᠠᠮᠪᠠᠷ᠎ᠠ ᠭᠠᠷᠭᠠᠨ᠂ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠪᠠ ᠲᠥᠷᠥ ᠶᠢᠨ ᠪᠣᠳᠣᠯᠭ᠎ᠠ ᠶᠢ ᠲᠦᠭᠡᠮᠡᠯᠵᠢᠭᠦᠯᠦᠨ ᠤᠬᠠᠭᠤᠯᠵᠤ ᠂ ᠰᠠᠶᠢᠨ ᠰᠠᠶᠢᠬᠠᠨ ᠨᠡᠶᠢᠭᠡᠮ ᠤᠨ ᠪᠠᠶᠢᠳᠠᠯ ᠢ ᠪᠣᠶ ᠪᠣᠯᠭᠠᠪᠠ ᠃ 

      ᠣᠶᠢᠯᠠᠭᠠᠭᠰᠠᠨ ᠢᠶᠠᠷ ᠂ ᠡᠨᠡ ᠵᠢᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠭᠤᠣᠯ ᠰᠡᠳᠦᠪ ᠪᠣᠯ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠠᠶᠢᠭᠤᠯᠤᠶ᠎ᠠ ︾ ᠪᠠᠶᠢᠵᠤ᠂ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ ᠃ ᠡᠭᠦᠨ ᠳᠤ 5 ᠳ᠋ᠤᠭᠠᠷ ᠰᠠᠷ᠎ᠠ ᠶᠢᠨ 25 ᠤ ᠡᠳᠦᠷ ᠠᠴᠠ 31 ᠤ ᠡᠳᠦᠷ ᠪᠣᠯᠲᠠᠯ᠎ᠠ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠪᠣᠯᠣᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ