︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/5/20


      5 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠬᠠᠷᠢᠭᠤᠴᠠᠯᠭᠠᠲᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ ︾ ᠳᠤ ᠲᠠᠶᠢᠯᠤᠮᠵᠢ ᠬᠢᠪᠡ᠃

      2024 ᠣᠨ ᠤ 4 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 265 ᠳ᠋ᠤᠭᠠᠷ ᠲᠣᠭᠠᠲᠤ ᠵᠠᠷᠯᠢᠭ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ ︾ ᠶᠢ ᠨᠡᠶᠢᠲᠡᠯᠡᠵᠦ᠂ 2024 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠣᠯᠣᠨ᠎ᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠵᠢᠯ ᠬᠠᠤᠯᠢᠵᠢᠭᠰᠠᠨ ᠵᠠᠮ ᠳᠤ ᠣᠷᠣᠭᠰᠠᠨ ᠢ ᠬᠠᠷᠠᠭᠤᠯᠵᠤ ᠪᠤᠶ᠃ ︽ᠠᠷᠭ᠎ᠠ︾ ᠨᠢ ᠨᠡᠶᠢᠲᠡ 30 ᠵᠦᠢᠯ ᠢ ᠪᠠᠭᠲᠠᠭᠠᠵᠤ᠂ ᠪᠦᠭᠦ ᠣᠷᠣᠨ ᠤ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠠᠮᠢᠶᠠᠷᠤᠯᠲᠠ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢᠨ ᠠᠰᠠᠭᠤᠳᠠᠯ ᠳᠤ ᠴᠢᠭᠯᠡᠭᠦᠯᠦᠨ᠂ ᠦᠵᠦ ᠲᠥᠯᠥᠪᠯᠡᠭᠡ ᠶᠢᠨ ᠲᠠᠯ᠎ᠠ ᠠᠴᠠ ᠳᠦᠷᠢᠮ ᠲᠣᠭᠲᠠᠭᠠᠯ ᠲᠣᠭᠲᠠᠭᠠᠵᠤ᠂ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠪᠦᠭᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠭᠦ ᠳᠤ ᠠᠰᠢᠭᠲᠠᠢ ᠶᠤᠮ᠃ ︽ᠠᠷᠭ᠎ᠠ ︾ ᠳᠠᠬᠢ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠭᠡᠳᠡᠭ ᠨᠢ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠠᠭᠤᠷᠢ ᠲᠥᠬᠦᠭᠡᠷᠦᠮᠵᠢ ᠶᠢ ᠵᠢᠭᠠᠵᠤ ᠪᠠᠶᠢᠳᠠᠭ᠃

      ︽ᠠᠷᠭ᠎ᠠ ︾ ᠳᠤ ᠭᠤᠣᠯᠳᠠᠭᠤ ᠳᠣᠣᠷᠠᠬᠢ ᠵᠢᠷᠭᠤᠭᠠᠨ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠃ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠬᠤ ᠲᠠᠯ᠎ᠠ ᠪᠠᠷ᠂ ᠡᠯ᠎ᠡ ᠱᠠᠲᠤᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠪᠠ ᠤᠰᠤ ᠴᠠᠭᠢᠯᠭᠠᠨ ᠬᠠᠩᠭᠠᠬᠤ ᠵᠡᠷᠭᠡ ᠨᠡᠶᠢᠲᠡ ᠶᠢᠨ ᠬᠡᠷᠡᠭᠯᠡᠭᠡᠨ ᠤ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ ︔ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢ ᠨᠡᠮᠡᠵᠦ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠢᠵᠢ ᠪᠦᠷᠢᠳᠦᠭᠦᠯᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ ︔ᠬᠠᠮᠠᠭᠠᠯᠠᠵᠤ ᠬᠠᠮᠢᠶᠠᠷᠬᠤ ᠲᠠᠯ᠎ᠠ ᠪᠠᠷ᠂ ᠶᠠᠮᠠᠷᠪᠠ ᠨᠢᠭᠡᠴᠢ ᠪᠠ ᠬᠤᠪᠢ ᠬᠥᠮᠥᠨ ᠣᠯᠠᠨ ᠨᠡᠶᠢᠲᠡ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠥᠬᠦᠭᠡᠷᠦᠮᠵᠢ ᠶᠢ ᠡᠪᠳᠡᠵᠦ᠂ ᠨᠡᠭᠦᠯᠭᠡᠨ ᠬᠡᠷᠡᠭᠯᠡᠬᠦ ᠪᠤᠶᠤ ᠳᠤᠷ᠎ᠠ ᠪᠠᠷ ᠢᠶᠠᠨ ᠨᠤᠷᠠᠭᠠᠬᠤ᠂ ᠬᠡᠷᠡᠭᠯᠡᠬᠦ ᠶᠢ ᠨᠢ ᠵᠣᠭᠰᠣᠭᠠᠵᠤ ᠪᠤᠯᠬᠤ ᠦᠭᠡᠢ ᠭᠡᠬᠦ ᠵᠡᠷᠭᠡ ᠳᠤ ᠪᠣᠳᠠᠲᠠᠢ ᠱᠠᠭᠠᠷᠳᠠᠯᠭ᠎ᠠ ᠳᠤᠷᠠᠳᠴᠠᠶ ︔ᠭᠠᠯ ᠰᠡᠷᠭᠡᠶᠢᠯᠡᠵᠦ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠪᠠᠲᠤᠯᠠᠬᠤ ᠲᠠᠯ᠎ᠠ ᠪᠠᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠬᠤ ᠲᠥᠪ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠯᠦᠭᠡ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠬᠢᠷᠠᠭᠤᠯᠤᠨ ᠵᠢᠯᠤᠭᠤᠳᠬᠤ ᠲᠤᠰᠬᠠᠢ ᠤᠲᠠᠰᠤ ᠲᠣᠬᠢᠷᠠᠭᠤᠯᠵᠤ᠂ ᠬᠠᠮᠢᠶ᠎ᠠ ᠪᠦᠬᠦᠢ ᠠᠵᠢᠯ ᠢ ᠬᠠᠮᠵᠢᠯᠴᠠᠨ ᠵᠣᠯᠭᠠᠭᠤᠯᠬᠤ ᠭᠡᠷᠡᠭᠲᠡᠢ ︔ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠬᠠᠮᠠᠭᠠᠯᠠᠨ ᠬᠠᠮᠢᠶᠠᠷᠬᠤ ᠲᠠᠯ᠎ᠠ ᠪᠠᠷ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠬᠤᠲᠠ ᠶᠢᠨ ᠵᠠᠮ ᠨᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠡᠷᠭᠡᠨ ᠤ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ︔ ᠭᠠᠯ ᠤᠨᠲᠠᠷᠠᠭᠠᠬᠤ ᠳᠤ ᠬᠡᠷᠡᠭᠯᠡᠬᠦ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠲᠠᠯ᠎ᠠ ᠪᠠᠷ᠂ ᠤᠰᠤ ᠬᠠᠩᠭᠠᠬᠤ ᠨᠢᠭᠡᠴᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠤᠰᠤ ᠬᠠᠩᠭᠠᠬᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠳᠤ ᠭᠠᠯ ᠤᠨᠲᠠᠷᠠᠭᠠᠬᠤ ᠤᠰᠤᠨ ᠤ ᠰᠤᠷᠪᠤᠯᠵᠢ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ