ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ
ᠨᠡᠶᠢᠲᠡᠯᠡᠭᠰᠡᠨ ᠴᠠᠭ᠄
2024/5/21

    5 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠬᠥᠬᠡᠬᠤᠲᠠ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃ ᠲᠣᠰ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠧᠨ ᠵᠧᠨ ᠯᠢᠨ ᠲᠠᠢ ᠠᠭᠤᠯᠵᠠᠪᠠ᠃

陈振林.jpg

 

    ᠲᠣᠬᠢᠷᠠᠯᠴᠠᠭᠰᠠᠨ ᠬᠠᠮᠲᠤᠷᠠᠯᠴᠠᠭᠠᠨ ᠤ ᠵᠥᠪᠯᠡᠯᠴᠡᠭᠡᠷ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠴᠠᠭ ᠠᠭᠤᠷ ᠢᠶᠠᠷ ᠲᠠᠪᠤᠨ ᠶᠡᠭᠡ ᠡᠭᠦᠷᠭᠡ ᠳᠤ ᠬᠦᠴᠦᠨ ᠴᠢᠳᠠᠯ ᠣᠯᠭᠤᠬᠤ ᠪᠠᠷ ᠭᠤᠣᠯᠳᠠᠯᠭ᠎ᠠ ᠪᠣᠯᠭᠠᠵᠤ᠂ ᠴᠠᠭ ᠠᠭᠤᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠶᠢᠨ ᠣᠳᠣᠬᠢᠴᠢᠯᠠᠯᠲᠠ ᠪᠠ ᠨᠡᠶᠢᠭᠡᠮ ᠤᠨ ᠦᠢᠯᠡᠴᠢᠯᠡᠭᠡᠨ ᠤ ᠣᠳᠣᠬᠢᠴᠢᠯᠠᠯᠲᠠ ᠪᠠᠷ ᠬᠥᠳᠡᠯᠭᠡᠭᠦᠷ ᠪᠣᠯᠭᠠᠵᠤ᠂ ᠥᠪᠥᠷ ᠮᠣᠩᠭᠤᠯ ᠤᠨ ᠠᠮᠢ ᠠᠬᠤᠢ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠳᠥᠷᠪᠡᠨ ᠶᠡᠭᠡ ᠣᠨᠴᠠᠯᠢᠭᠲᠤ ᠠᠵᠢᠯ ᠲᠥᠷᠥᠯ ᠢ ᠬᠦᠴᠦ ᠪᠠᠨ ᠬᠠᠮᠲᠤᠳᠬᠠᠨ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠠᠭ ᠠᠭᠤᠷ ᠤᠨ ᠪᠠᠲᠤᠯᠠᠭ᠎ᠠ ᠵᠡᠷᠭᠡ ᠵᠢᠷᠭᠤᠭᠠᠨ ᠵᠦᠢᠯ ᠤᠨ ᠢᠨᠵᠧᠨᠧᠷᠢᠩ ᠢ ᠬᠠᠮᠲᠤ ᠪᠠᠷ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠠᠭ ᠠᠭᠤᠷ ᠤᠨ ᠪᠠᠲᠤᠯᠠᠭ᠎ᠠ ᠵᠡᠷᠭᠡ ᠵᠢᠷᠭᠤᠭᠠᠨ ᠶᠡᠭᠡ ᠴᠢᠳᠠᠪᠤᠷᠢ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠴᠠᠭ ᠠᠭᠤᠷ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠪᠣᠯᠣᠨ᠎ᠠ᠃

    ᠠᠭᠤᠯᠵᠠᠯᠲᠠ ᠳᠤ᠂ ᠰᠦᠨ ᠱᠣᠣ ᠴᠧᠩ ᠡᠩ ᠲᠡᠷᠢᠭᠦᠨ ᠳᠤ ᠴᠧᠨ ᠵᠧᠨ ᠯᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠤᠷᠲᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠪᠠᠶᠢᠭ᠎ᠠ ᠵᠢᠴᠢ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠴᠠᠭ ᠠᠭᠤᠷ ᠤᠨ ᠦᠢᠯᠡᠴᠢᠯᠡᠭᠡ ᠨᠢ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠠ ᠦᠢᠯᠡᠳᠦᠯ ᠦᠵᠡᠭᠦᠯᠵᠦ᠂ ᠣᠯᠠᠨ ᠲᠦᠮᠡᠨ ᠴᠦ ᠡᠭᠦᠨ ᠳᠤ ᠮᠠᠰᠢ ᠴᠢᠩᠭ᠎ᠠ ᠱᠠᠭᠠᠷᠳᠠᠯᠭ᠎ᠠ ᠲᠠᠢ ᠪᠠᠶᠢᠨ᠎ᠠ᠃ ᠥᠪᠥᠷ ᠮᠣᠩᠭᠤᠯ ᠤᠨ ᠬᠠᠮᠤᠭ ᠤᠨ ᠳᠤᠲᠠᠭᠳᠠᠵᠤ ᠪᠠᠶᠢᠭ᠎ᠠ ᠡᠬᠢ ᠪᠠᠶᠠᠯᠢᠭ ᠪᠣᠯ ᠤᠰᠤ ᠪᠣᠯᠣᠨ᠎ᠠ᠂ ᠪᠢᠳᠡ ᠶᠠᠭ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠶᠡᠭᠡ ᠪᠠᠷ ᠠᠬᠢᠭᠤᠯᠵᠤ ᠪᠣᠢ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠨᠡᠩ ᠣᠯᠠᠨ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ᠂ ᠪᠢᠳᠡᠨ ᠢ ᠬᠠᠪᠰᠤᠷᠤᠨ ᠤᠰᠤ ᠠᠷᠪᠢᠯᠠᠵᠤ ᠤᠰᠤ ᠶᠢ ᠨᠡᠮᠡᠭᠳᠡᠭᠦᠯᠦᠨ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠥᠪᠥᠷ ᠮᠣᠩᠭᠤᠯ ᠳᠤ ᠴᠠᠭ ᠠᠭᠤᠷ ᠤᠨ ᠲᠤᠷᠰᠢᠯᠲᠠ ᠶᠢ ᠢᠯᠡᠭᠦᠬᠡᠨ ᠥᠷᠨᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠪᠢᠳᠡ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ ᠭᠡᠵᠦ ᠬᠡᠯᠡᠪᠡ᠃

    ᠴᠧᠨ ᠵᠧᠨ ᠯᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠴᠡᠴᠡᠭᠯᠡᠨ ᠬᠥᠭᠵᠢᠭᠰᠡᠨ ᠪᠠᠶᠢᠳᠠᠯ ᠪᠣᠯᠣᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠴᠠᠭ ᠠᠭᠤᠷ ᠤᠨ ᠠᠵᠢᠯ ᠤᠨ ᠣᠯᠣᠭᠰᠠᠨ ᠠᠮᠵᠢᠯᠲᠠ ᠪᠣᠯᠣᠨ ᠪᠦᠷᠢᠯᠳᠦᠭᠦᠯᠦᠭᠰᠡᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠲᠣᠰ ᠤᠳᠠᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠭᠰᠠᠨ ᠢᠶᠠᠷ ᠠᠵᠠ ᠲᠣᠬᠢᠶᠠᠯ ᠪᠣᠯᠭᠠᠵᠤ᠂ ᠴᠠᠭ ᠠᠭᠤᠷ ᠢᠶᠠᠷ ᠴᠢᠳᠠᠪᠬᠢ ᠣᠯᠭᠤᠬᠤ ᠶᠢ ᠭᠦᠨᠵᠡᠭᠡᠢ ᠠᠬᠢᠭᠤᠯᠵᠤ᠂ ᠥᠪᠥᠷ ᠮᠣᠩᠭᠤᠯ ᠤᠨ ᠴᠠᠭ ᠠᠭᠤᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠪᠣᠯᠣᠨ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ  ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠥᠪᠡᠷᠲᠡᠭᠡᠨ ᠵᠠᠰᠠᠬᠤ ᠣᠷᠣᠨ ᠳᠤ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠨᠡᠩ ᠣᠯᠠᠨ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃

ᠢᠦᠢ ᠯᠢ ᠰᠢᠨ᠂ ᠳᠠᠶᠢᠴᠢᠨ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ