ᠰᠦᠨ ᠱᠣᠣ ᠴᠧᠩ ᠸᠠᠩ ᠯᠢ ᠰᠢᠶᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠣᠨ ᠤ ᠰᠠᠶᠢᠳ ᠫᠧᠢ ᠶᠢᠨ ᠵᠢᠶᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/22


      5 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠦᠬᠡᠬᠤᠲᠠ ᠳᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠣᠨ ᠤ ᠰᠠᠶᠢᠳ ᠫᠧᠢ ᠶᠢᠨ ᠵᠢᠶᠠ ᠲᠠᠢ ᠠᠭᠤᠯᠵᠠᠪᠠ᠃


0522孙绍骋 王莉霞会见退役军人事务部部长裴金佳.jpg


0522孙绍骋 王莉霞会见退役军人事务部部长裴金佳2.jpg


      ᠰᠦᠨ ᠱᠣᠣ ᠴᠧᠩ ᠫᠧᠢ ᠶᠢᠨ ᠵᠢᠶᠠ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠦᠭᠡᠳ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠡᠨᠡ ᠬᠤᠶᠠᠷ ᠵᠢᠯ ᠳᠤ᠂ ᠪᠢᠳᠡ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠬᠦ ᠪᠠ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠦᠵᠡᠯ ᠰᠠᠨᠠᠭᠠᠨ ᠤ ᠵᠢᠯᠣᠭᠤᠳᠤᠯᠭ᠎ᠠ ᠪᠠ ᠨᠡᠶᠢᠭᠡᠮ ᠤᠨ ᠵᠠᠰᠠᠯᠲᠠ ᠶᠢ ᠬᠦᠴᠦᠯᠡᠨ ᠴᠢᠩᠭᠠᠳᠬᠠᠵᠤ᠂ ᠨᠢᠭᠡ ᠪᠦᠯᠦᠭ ᠴᠡᠷᠢᠭ ᠤᠨ ᠠᠯᠪᠠ ᠠᠴᠠ ᠬᠠᠯᠠᠭᠳᠠᠭᠰᠠᠳ ᠢ ᠪᠠᠭᠲᠠᠭᠠᠭᠰᠠᠨ ᠣᠯᠠᠨ ᠲᠦᠮᠡᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠪᠡ᠃ ᠣᠳᠣᠬᠠᠨ ᠳᠤ᠂ ᠪᠢᠳᠡ ᠶᠠᠭ ᠬᠢᠯᠢ ᠶᠢ ᠰᠠᠬᠢᠵᠤ ᠰᠡᠷᠭᠡᠶᠢᠯᠡᠯᠲᠡ ᠶᠢ ᠪᠠᠬᠢᠵᠢᠭᠦᠯᠬᠦ ᠶᠢ ᠭᠦᠨᠵᠡᠭᠡᠢ ᠠᠬᠢᠭᠤᠯᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠡᠭᠡ ᠬᠦᠴᠦ ᠣᠷᠣᠭᠤᠯᠵᠤ ᠪᠠᠶᠢᠭᠠᠳ ᠳᠤᠲᠠᠭᠤᠳᠠᠯ ᠢᠶᠠᠨ ᠨᠦᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ ᠰᠠᠨᠠᠭᠤᠯᠭ᠎ᠠ ᠪᠠ ᠰᠠᠨᠠᠯ ᠢᠯᠡᠭᠦᠬᠡᠨ ᠳᠤᠷᠠᠳᠴᠤ᠂ ᠪᠢᠳᠡᠨ ᠢ ᠬᠠᠪᠰᠤᠷᠤᠨ ᠠᠵᠢᠯ ᠢ ᠨᠡᠩ ᠰᠠᠶᠢᠲᠤᠷ ᠬᠢᠬᠦ ᠶᠢ ᠬᠦᠰᠡᠵᠦ ᠪᠠᠶᠢᠨ᠎ᠠ ᠭᠡᠪᠡ᠃

      ᠫᠧᠢ ᠶᠢᠨ ᠵᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠨᠡ ᠤᠳᠠᠭ᠎ᠠ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠭᠵᠢᠯᠲᠡ ᠶᠢᠨ ᠪᠠᠶᠢᠳᠠᠯ ᠮᠠᠰᠢ ᠰᠠᠶᠢᠨ᠂ ᠺᠠᠳ᠋ᠷᠴᠤᠳ ᠴᠤᠭ ᠵᠢᠪᠬᠤᠭ᠎ᠠ ᠲᠡᠭᠦᠯᠳᠡᠷ ᠪᠠᠶᠢᠬᠤ ᠶᠢ ᠣᠯᠵᠤ ᠮᠡᠳᠡᠪᠡ᠃ ᠥᠪᠥᠷ ᠮᠣᠩᠭᠤᠯ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭᠠᠨ ᠤ ᠵᠢᠯᠣᠭᠤᠳᠤᠯᠭ᠎ᠠ᠂ ᠠᠵᠢᠯ ᠣᠯᠭᠤᠵᠤ ᠲᠥᠪᠬᠢᠨᠡᠭᠦᠯᠬᠦ᠂ ᠦᠢᠯᠡᠴᠢᠯᠡᠭᠡᠨ ᠤ ᠪᠠᠲᠤᠯᠠᠭ᠎ᠠ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ᠂ ᠡᠷᠬᠡ ᠠᠰᠢᠭ ᠢ ᠨᠢ ᠬᠠᠮᠠᠭᠠᠯᠠᠬᠤ ᠵᠡᠷᠭᠡ ᠲᠠᠯ᠎ᠠ ᠪᠠᠷ ᠴᠥᠬᠡᠨ ᠪᠤᠰᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠪᠤᠢ ᠪᠤᠯᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠦᠴᠦᠨ ᠨᠡᠮᠡᠷᠢᠯᠡᠵᠦ᠂ ᠥᠷᠭᠡᠨ ᠣᠯᠠᠨ ᠴᠡᠷᠢᠭ ᠤᠨ ᠠᠯᠪᠠᠨ ᠠᠴᠠ ᠪᠠᠭᠤᠭᠰᠠᠳ ᠢ ᠬᠦᠲᠦᠯᠦᠨ ᠳᠠᠭᠠᠭᠤᠯᠵᠤ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠪᠡ᠃

      ᠢᠤᠢ ᠯᠢ ᠰᠢᠨ᠂ ᠴᠢ᠊ ᠪᠠᠲᠤ ᠠᠭᠤᠯᠵᠠᠯᠲᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ