ᠰᠦᠨ ᠱᠤᠤ ᠴᠧᠩ ᠪᠣᠯᠣᠨ ᠸᠠᠩ ᠯᠢ ᠰᠢᠶᠠ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠲᠡᠷᠢᠭᠦᠯᠡᠭᠴᠢ ᠸᠠᠨ ᠯᠢ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/24


      5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠦᠭᠡᠬᠤᠲᠠ ᠳᠤ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠸᠠᠨ ᠯᠢ ᠵᠢᠶᠦ᠋ᠨ ᠲᠠᠢ ᠠᠭᠤᠯᠵᠠᠪᠠ᠃


0524孙绍骋 王莉霞会见中国侨联主席万立骏.jpg

0524孙绍骋 王莉霞会见中国侨联主席万立骏2.jpg


      ᠰᠦᠨ ᠱᠤᠤ ᠴᠧᠩ ᠸᠠᠨ ᠯᠢ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠮᠥᠨ᠂ ᠬᠠᠷᠢᠶᠠᠲᠤ ᠨᠠᠷ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠨᠢ ᠣᠨᠴᠠᠭᠠᠶ ᠪᠥᠭᠡᠳ ᠴᠢᠬᠤᠯᠠ ᠠᠴᠢ ᠬᠤᠯᠪᠣᠭᠳᠠᠯ ᠲᠠᠢ ᠶᠤᠮ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠬᠢᠨ ᠢᠯᠡᠭᠦᠬᠡᠨ ᠵᠢᠯᠤᠭᠤᠳᠴᠤ ᠢᠯᠡᠭᠦᠬᠡᠨ ᠳᠡᠮᠵᠢᠬᠦ ᠶᠢ ᠬᠦᠰᠡᠵᠦ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠴᠢᠳᠠᠪᠤᠷᠢᠲᠠᠨ ᠪᠣᠯ ᠥᠪᠥᠷ ᠮᠣᠩᠭᠤᠯ ᠤᠨ ᠲᠣᠪᠣᠶᠢᠮ᠎ᠠ ᠳᠤᠲᠠᠭᠤᠳᠠᠯ ᠪᠣᠯᠣᠨ᠎ᠠ᠂ ᠪᠢᠳᠡ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠣᠭᠤᠮᠲᠠ ᠰᠢᠪᠲᠤᠯᠬᠤ ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠭᠠᠵᠠᠷ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ ᠪᠠᠶᠢᠨ᠎ᠠ᠃ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠬᠢᠨ ᠳᠠᠪᠠᠭᠤᠯᠢᠭ ᠢᠶᠠᠨ ᠪᠠᠳᠠᠷᠠᠭᠤᠯᠵᠤ᠂ ᠪᠢᠳᠡᠨ ᠢ ᠬᠠᠪᠰᠤᠷᠤᠨ ᠬᠠᠷᠢᠶᠠᠲᠤ ᠨᠠᠷ ᠤᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠ ᠬᠠᠷᠢᠶᠠᠲᠤ ᠨᠠᠷ ᠤᠨ ᠣᠶᠤᠨ ᠤᠬᠠᠭᠠᠨ ᠢ ᠢᠳᠡᠪᠬᠢᠲᠡᠢ ᠨᠢᠭᠲᠠᠷᠠᠭᠤᠯᠵᠤ᠂ ᠨᠠᠩ ᠣᠯᠠᠨ ᠬᠠᠷᠢᠶᠠᠲᠤ ᠨᠠᠷ ᠤᠨ ᠡᠲᠡᠭᠡᠳ ᠤᠨ ᠬᠦᠴᠦᠨ ᠢ ᠨᠢᠭᠲᠠᠷᠠᠭᠤᠯᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ᠃ ᠥᠪᠥᠷ ᠮᠣᠩᠭᠤᠯ ᠤᠨ ᠰᠣᠶᠣᠯ ᠤᠨ ᠡᠬᠢ ᠪᠠᠶᠠᠯᠢᠭ ᠭᠦᠨ ᠵᠤᠵᠠᠭᠠᠨ ᠪᠥᠭᠡᠳ ᠡᠯᠪᠡᠭ ᠳᠡᠯᠪᠡᠭ ᠪᠠᠶᠢᠵᠤ᠂ ᠪᠢᠳᠡ ᠳᠤᠷᠠᠲᠠᠶ᠎ᠠ ᠬᠠᠷᠢᠶᠠᠲᠤ ᠨᠠᠷ ᠲᠤ ᠬᠤᠯᠪᠣᠭᠳᠠᠭᠰᠠᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠨ ᠲᠡᠭᠦᠨ ᠳᠤ ᠦᠢᠯᠡᠴᠢᠯᠡᠵᠦ᠂ ᠳᠤᠮᠳᠠᠳᠤ ᠶᠢᠨ ᠰᠣᠶᠣᠯ ᠢ ᠪᠠᠳᠠᠷᠠᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ᠃

      ᠸᠠᠨ ᠯᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ ᠤᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ᠂ ᠬᠤᠳᠠ ᠶᠢᠨ ᠯᠤᠲᠤ ᠶᠡᠭᠡ ᠬᠤᠪᠢᠷᠠᠯᠲᠠ ᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠬᠠᠷᠢᠶᠠᠲᠤ ᠨᠠᠷ ᠤᠨ ᠬᠤᠯᠪᠤᠭ᠎ᠠ ᠶᠢᠨ ᠠᠵᠢᠯ ᠢ ᠳᠡᠮᠵᠢᠬᠦ ᠶᠢ ᠬᠦᠰᠡᠵᠦ᠂ ᠳᠤᠮᠳᠠᠳᠤ ᠤᠯᠤᠰ ᠤᠨ ᠬᠠᠷᠢᠶᠠᠲᠤ ᠨᠠᠷ ᠤᠨ ᠬᠤᠯᠪᠤᠭ᠎ᠠ ᠶᠢᠨ ᠬᠢᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠬᠠᠷᠢᠶᠠᠲᠤ ᠨᠠᠷ ᠤᠨ ᠪᠡᠯᠡ ᠮᠥᠩᠭᠦ ᠶᠢ ᠣᠷᠣᠭᠤᠯᠤᠨ ᠠᠪᠴᠢᠷᠠᠬᠤ ᠪᠠ ᠬᠠᠷᠢᠶᠠᠲᠤ ᠨᠠᠷ ᠤᠨ ᠣᠶᠤᠨ ᠤᠬᠠᠭᠠᠨ ᠢ ᠨᠢᠭᠲᠠᠷᠠᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠳᠡᠭᠡᠳᠦ ᠲᠠᠰ ᠤᠨ ᠴᠢᠳᠠᠪᠤᠷᠢᠲᠠᠨ ᠯᠤᠭ᠎ᠠ ᠰᠠᠨᠠᠭᠠᠴᠢᠯᠠᠭ᠎ᠠ ᠠᠴᠠ ᠪᠠᠨ ᠬᠠᠪᠰᠤᠷᠤᠨ ᠬᠠᠷᠢᠯᠴᠠᠵᠤ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠣᠭᠤᠮᠲᠠ ᠰᠢᠪᠲᠤᠯᠬᠤ ︾ ᠢᠨᠵᠧᠨᠧᠷᠢᠩ ᠳᠤ ᠨᠠᠩ ᠰᠠᠶᠢᠲᠤᠷ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃

      ᠬᠦᠦᠳᠠᠭᠤᠯᠠ ᠠᠭᠤᠯᠵᠠᠯᠲᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ