ᠰᠦᠨ ᠱᠤᠤ ᠴᠧᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/24


      5 ᠰᠠᠷ᠎ᠠ ᠶᠢᠨ 22 ᠠᠴᠠ 23 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠦ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠡᠷᠳᠡᠮᠲᠡᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠲᠠᠢ ᠲᠣᠰ ᠲᠣᠰ ᠶᠠᠷᠢᠯᠴᠠᠪᠠ᠃



0524孙绍骋调研科技创新工作2.jpg


            5 ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠬᠤᠳᠠ ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠲᠤ ᠬᠦᠷᠴᠦ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠳᠬᠦᠨ ᠤ ᠴᠢᠳᠠᠮᠵᠢ᠂ ᠬᠡᠷᠡᠭᠯᠡᠭᠡ᠂ ᠵᠠᠬ᠎ᠠ ᠳᠡᠯᠭᠡᠭᠦᠷ ᠵᠡᠷᠭᠡ ᠪᠠᠶᠢᠳᠠᠯ ᠢ ᠣᠶᠢᠯᠠᠭᠠᠪᠠ᠃

      ᠰᠤᠷᠪᠤᠯᠵᠢᠯᠠᠬᠴᠢ  ᠮᠠ ᠵᠢᠶᠠᠨ ᠴᠢᠤᠸᠠᠨ  ᠰᠡᠭᠦᠳᠡᠷᠯᠡᠪᠡ

      ᠰᠦᠨ ᠱᠤᠤ ᠴᠧᠩ ᠤᠷᠢᠳ ᠬᠤᠵᠢᠳ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠬᠤᠳᠠ ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠪᠣᠯᠣᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠤᠷᠢᠨᠭᠡᠷ ᠰᠢᠨ᠎ᠡ ᠲᠣᠭᠤᠷᠢᠭ ᠤᠨ ᠰᠠᠭᠤᠷᠢᠨ ᠳᠤ ᠬᠦᠷᠴᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠲᠠᠨᠢᠯᠴᠠᠭᠤᠯᠭ᠎ᠠ ᠶᠢ ᠰᠣᠨᠣᠰᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠵᠡᠭᠦᠯᠭᠡ ᠶᠢ ᠪᠠᠶᠢᠴᠠᠭᠠᠨ ᠦᠵᠡᠪᠡ᠃ ᠪᠠᠶᠢᠭᠤᠯᠤᠮᠵᠢ ᠶᠢᠨ ᠠᠵᠢᠯᠯᠠᠭᠠᠨ ᠤ ᠲᠣᠭᠲᠠᠴᠠ ᠠᠴᠠ ᠴᠢᠳᠠᠪᠤᠷᠢᠲᠠᠨ ᠤ ᠪᠦᠯᠭᠦᠮ ᠭᠦᠷᠲᠡᠯ᠎ᠡ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠠᠴᠠ ᠰᠡᠭᠦᠯᠴᠢ ᠶᠢᠨ ᠬᠤᠭᠤᠴᠠᠭᠠᠨ ᠤ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠭᠦᠷᠲᠡᠯ᠎ᠡ᠂ ᠭᠤᠭᠴᠤᠭ᠎ᠠ ᠨᠢᠭᠡᠪᠦᠷᠢ ᠶᠢ ᠲᠡᠷᠡ ᠴᠥᠮ ᠮᠠᠰᠢ ᠨᠠᠷᠢᠨ ᠨᠢᠮᠪᠠᠢ ᠠᠰᠠᠭᠤᠭᠰᠠᠨ ᠪᠥᠭᠡᠳ ᠣᠯᠠᠨ ᠢ ᠨᠠᠷᠢᠯᠢᠭ ᠭᠦᠨᠵᠡᠭᠡᠢ ᠠᠵᠢᠯᠯᠠᠨ᠂ ᠣᠯᠠᠨ ᠦᠷ᠎ᠡ ᠪᠦᠲᠦᠭᠡᠯ ᠭᠠᠷᠭᠠᠬᠤ ᠶᠢ ᠵᠣᠷᠢᠭᠵᠢᠭᠤᠯᠪᠠ᠃


0524孙绍骋调研科技创新工作4.jpg


      ᠰᠦᠨ ᠱᠤᠤ ᠴᠧᠩ ᠬᠤᠶᠠᠷ ᠠᠰᠠᠭᠤᠳᠠᠯ ᠢ ᠮᠠᠰᠢ ᠠᠩᠬᠠᠷᠴᠤ ᠪᠤᠶ᠂ ᠨᠢᠭᠡ ᠨᠢ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠣᠷᠣᠰᠢᠵᠤ ᠪᠠᠶᠢᠭ᠎ᠠ ᠳᠤᠲᠠᠭᠤᠳᠠᠯ ᠢᠯᠠᠩᠭᠤᠶ᠎ᠠ ᠪᠠᠶᠢᠭᠤᠯᠤᠮᠵᠢ ᠲᠣᠭᠲᠠᠴᠠ ᠶᠢᠨ ᠲᠠᠯ᠎ᠠ ᠶᠢᠨ ᠠᠰᠠᠭᠤᠳᠠᠯ᠂ ᠨᠥᠭᠦᠭᠡ ᠨᠢ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠭᠤᠣᠯ ᠰᠢᠪᠲᠤᠯᠤᠯᠲᠠ ᠶᠢᠨ ᠴᠢᠭᠯᠡᠯ ᠪᠣᠯᠣᠨ᠎ᠠ᠃ ᠭᠦᠷᠦᠭᠰᠡᠨ ᠭᠠᠵᠠᠷ ᠪᠣᠯᠭᠠᠨ ᠳᠤ᠂ ᠲᠡᠷᠡ ᠲᠠᠶᠢᠪᠤᠭᠤ ᠰᠠᠭᠤᠵᠤ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠴᠢᠨᠠᠷ ᠨᠢ ᠮᠡᠳᠡᠭᠡᠵᠢ ᠶᠢᠨ ᠶᠤᠮ᠂ ᠥᠪᠥᠷ ᠮᠣᠩᠭᠤᠯ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠳᠤ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ ᠪᠦᠰᠡᠯᠡᠯᠲᠡ ᠰᠢᠪᠲᠤᠯᠬᠤ ︾ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠨᠢᠭᠡ ᠬᠤᠶᠠᠷ ᠴᠡᠭ ᠲᠤ ᠡᠬᠢᠯᠡᠨ ᠭᠦᠶᠦᠮᠡᠭᠴᠡ ᠬᠤᠰᠢᠭᠤᠷᠠᠬᠤ ᠶᠢ ᠲᠦᠷᠭᠡᠨ ᠪᠡᠶᠡᠯᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠭᠠᠵᠠᠷ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠬᠡᠳᠦᠶᠢᠪᠡᠷ ᠪᠠᠭᠤᠷᠠᠢ ᠪᠤᠯᠪᠠᠴᠤ ᠵᠠᠷᠢᠮ ᠬᠦᠷᠢᠶᠡᠨ ᠳᠤ ᠪᠠᠰᠠ ᠪᠠᠭ᠎ᠠ ᠪᠤᠰᠤ ᠦᠷ᠎ᠡ ᠪᠦᠲᠦᠭᠡᠯ ᠣᠯᠵᠠᠢ᠂ ᠤᠳᠠᠭᠠᠨ ᠳᠠᠭᠠᠭᠠᠮᠠᠭᠠᠢ ᠴᠢᠷᠮᠠᠶᠢᠳᠠᠭ ᠯᠠ ᠶᠤᠮ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ ︾ ᠨᠢ ᠶᠡᠭᠡ ᠡᠷᠡᠮᠡᠯᠵᠡᠯ ᠲᠠᠢ ᠪᠠᠶᠢᠵᠤ᠂ ᠥᠪᠥᠷ ᠮᠣᠩᠭᠤᠯ ᠤᠨ ᠢᠷᠡᠭᠡᠳᠦᠢ ᠯᠠᠪᠲᠠᠢ ᠰᠠᠷᠠᠭᠤᠯ ᠰᠠᠶᠢᠬᠠᠨ ᠪᠤᠯᠬᠤ ᠶᠤᠮ ᠭᠡᠪᠡ᠃ ᠲᠠᠷᠠᠭᠠᠴᠢ ᠶᠢᠨ ᠠᠯᠬᠤᠮ ᠤᠨ ᠠᠵᠢᠯ ᠳᠤ᠂ ᠰᠦᠨ ᠱᠤᠤ ᠴᠧᠩ ᠪᠣᠳᠠᠲᠠᠢ ᠱᠠᠭᠠᠷᠳᠠᠯᠭ᠎ᠠ ᠳᠤᠷᠠᠳᠪᠠ᠃ ᠨᠢᠭᠡ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠤᠳᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠪᠢ ᠬᠤᠪᠢᠨ ᠳᠠᠭᠠᠨ ᠪᠡᠶ᠎ᠡ ᠪᠠᠨ ᠳᠠᠭᠠᠭᠠᠵᠤ ᠪᠠᠶᠢᠯᠳᠤᠬᠤ ᠠᠴᠠ ᠵᠠᠶᠢᠯᠠᠰᠬᠢᠬᠦ ᠬᠡᠷᠡᠭᠲᠡᠢ᠃ ᠬᠤᠶᠠᠷ ᠲᠤ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ᠃ ᠭᠤᠷᠪᠠ ᠳᠤ᠂ ᠭᠤᠣᠯᠳᠠᠯᠭ᠎ᠠ ᠲᠠᠢ ᠬᠦᠷᠢᠶ᠎ᠡ ᠶᠢ ᠲᠣᠪᠤᠶᠢᠯᠭᠠᠨ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠢᠭᠠᠷᠤ ᠲᠠᠯ᠎ᠠ ᠪᠠᠨ ᠨᠥᠬᠦᠪᠦᠷᠢᠯᠡᠵᠦ᠂ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠬᠦ ᠬᠡᠷᠡᠭᠲᠡᠢ᠃ ᠳᠥᠷᠪᠡ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠰᠠᠶᠢᠲᠤᠷ ᠪᠠᠶᠢᠭᠤᠯᠤᠨ ᠬᠥᠭᠵᠢᠭᠦᠯᠵᠦ᠂ ᠨᠡᠷ᠎ᠡ ᠨᠢᠳᠡᠷ ᠲᠡᠭᠡᠨ ᠨᠡᠶᠢᠴᠡᠭᠰᠡᠨ ᠪᠠᠶᠢᠬᠤ ᠬᠡᠷᠡᠭᠲᠡᠢ᠃ ᠲᠠᠪᠤ ᠳᠤ᠂ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠴᠢᠳᠠᠪᠤᠷᠢᠲᠠᠨ ᠢ ᠣᠨᠣᠴᠠᠲᠠᠢ ᠬᠥᠮᠥᠵᠢᠭᠦᠯᠦᠨ ᠥᠭᠴᠦ᠂ ᠬᠠᠨᠳᠤᠯᠭ᠎ᠠ ᠲᠠᠢ ᠪᠠᠷ ᠬᠥᠮᠥᠵᠢᠭᠦᠯᠦᠨ ᠥᠭᠬᠦ ᠬᠡᠷᠡᠭᠲᠡᠢ᠃ ᠵᠢᠷᠭᠤᠭ᠎ᠠ ᠳᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠲᠥᠷᠥ ᠶᠢᠨ ᠪᠣᠳᠣᠯᠭ᠎ᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠦᠷ᠎ᠡ ᠪᠦᠲᠦᠭᠡᠯ ᠢ ᠣᠨᠳᠣᠣᠰᠢᠭᠤᠯᠬᠤ᠂ ᠵᠠᠷᠤᠳᠠᠯ ᠤᠨ ᠬᠡᠷᠡᠭᠯᠡᠯᠲᠡ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠴᠢᠳᠠᠪᠤᠷᠢᠲᠠᠨ ᠢ ᠦᠯᠡᠳᠡᠭᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠠᠭᠤᠴᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠳᠣᠯᠤᠭ᠎ᠠ ᠳᠤ᠂ ᠳᠡᠭᠡᠳᠦ ᠲᠠᠰ ᠤᠨ ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ᠂ ᠡᠮᠴᠢᠯᠡᠭᠡ᠂ ᠶᠠᠪᠤᠵᠤ ᠰᠠᠭᠤᠬᠤ ᠵᠡᠷᠭᠡ ᠲᠠᠯ᠎ᠠ ᠪᠠᠷ ᠬᠦᠨᠳᠦᠳᠬᠡᠯ ᠪᠠ ᠬᠠᠷᠠᠭᠠᠯᠵᠠᠯ ᠦᠵᠡᠭᠦᠯᠭᠦ ᠬᠡᠷᠡᠭᠲᠡᠢ᠃ ᠨᠠᠢᠮᠠ ᠳᠤ᠂ ᠮᠠᠨ ᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠠᠪᠴᠠᠩ᠂ ᠰᠢᠨ᠎ᠡ ᠶᠢ ᠡᠭᠦᠳᠬᠦ ᠪᠦᠯᠭᠦᠮ ᠨᠡᠶᠢᠲᠡ ᠪᠣᠯᠣᠨ ᠰᠢᠯᠢᠳᠡᠭ ᠠᠵᠤ ᠠᠬᠤᠶᠢᠯᠠᠯ ᠢ ᠶᠡᠬᠡᠪᠡᠷ ᠤᠬᠠᠭᠤᠯᠵᠤ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠶᠢᠰᠦ ᠳᠤ᠂ ᠦᠷ᠎ᠡ ᠪᠦᠲᠦᠭᠡᠯ ᠤᠨ ᠤᠬᠠᠮᠰᠠᠷ ᠢ ᠪᠤᠢ ᠪᠤᠯᠭᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠤᠯᠲᠠ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠥᠷᠨᠢᠭᠦᠯᠬᠦ ᠬᠡᠷᠡᠭᠲᠡᠢ᠃ ᠠᠷᠪᠠ ᠳᠤ᠂ ᠥᠪᠡᠷ ᠤᠨ ᠪᠡᠶ᠎ᠡ ᠳᠡᠭᠡᠨ ᠬᠡᠷᠡᠭᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠪᠣᠯᠣᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤᠨᠢ ᠣᠨᠳᠣᠣᠰᠢᠭᠤᠯᠤᠨ ᠬᠡᠷᠡᠭᠯᠡᠬᠦ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠠᠷᠪᠠᠨ ᠨᠢᠭᠡ ᠳᠤ᠂ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠷᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃

      ᠢᠦᠢ ᠯᠢ ᠰᠢᠨ᠂ ᠪᠦᠦ ᠰᠢᠶᠠᠨ ᠬᠤᠸᠠ᠂ ᠶᠠᠩ ᠵᠢᠶᠧ᠂ ᠰᠦᠨ ᠵᠢᠶᠦ᠋ᠨ ᠴᠢᠩ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ