ᠤᠯᠠᠭᠠᠨᠬᠠᠳᠠ ᠬᠤᠲᠠ ᠡᠨᠡ ᠵᠢᠯ ᠨᠢᠭᠡᠨᠲᠡ 27 ᠲᠦᠮᠡ ᠭᠠᠷᠤᠢ ᠮᠦ ᠡᠯᠡᠰᠦ ᠶᠢ ᠰᠡᠷᠭᠡᠶᠢᠯᠡᠨ ᠵᠠᠰᠠᠪᠠ
ᠨᠡᠶᠢᠲᠡᠯᠡᠭᠰᠡᠨ ᠴᠠᠭ᠄
2024/5/27

      ᠤᠯᠠᠭᠠᠨᠬᠠᠳᠠ ᠬᠤᠲᠠ ᠡᠨᠡ ᠵᠢᠯ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠶᠡᠭᠡ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠪᠠ ᠡᠯᠡᠰᠦ ᠶᠢ ᠰᠡᠷᠭᠡᠶᠢᠯᠡᠨ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠦᠷᠨᠢᠭᠦᠯᠵᠦ ᠪᠤᠢ ᠃ ᠣᠲᠣ ᠪᠣᠯᠲᠠᠯ᠎ᠠ᠂ ᠪᠥᠬᠦ ᠬᠤᠲᠠ ᠳᠤ ᠨᠢᠭᠡᠨᠲᠡ 27.72 ᠲᠦᠮᠡᠨ ᠮᠦ ᠡᠯᠡᠰᠦ ᠶᠢ ᠰᠡᠷᠭᠡᠶᠢᠯᠡᠨ ᠵᠠᠰᠠᠪᠠ ᠂ ᠡᠭᠦᠨ ᠳᠤ 12.74 ᠲᠦᠮᠡᠨ ᠮᠦ ᠶᠢ ᠬᠥᠮᠥᠨ ᠤ ᠬᠦᠴᠦ ᠪᠠᠷ ᠣᠶᠢᠵᠢᠭᠤᠯᠵᠤ᠂ 1.5 ᠲᠦᠮᠡᠨ ᠮᠦ ᠠᠭᠤᠯᠠ ︵ᠡᠯᠡᠰᠦ︶᠎ ᠶᠢ ᠪᠢᠲᠡᠭᠦᠮᠵᠢᠯᠡᠵᠦ ᠣᠶᠢᠵᠢᠭᠤᠯᠤᠨ ᠂ 5.44 ᠲᠦᠮᠡᠨ ᠮᠦ ᠮᠠᠭᠤᠳᠠᠭᠰᠠᠨ ᠣᠶ ᠶᠢ ᠵᠠᠰᠠᠨ ᠰᠡᠷᠭᠦᠭᠡᠵᠦ᠂ 0.91 ᠲᠦᠮᠡᠨ ᠮᠦ ᠬᠠᠰᠢᠶᠠᠯᠠᠨ ᠪᠢᠲᠡᠭᠦᠮᠵᠢᠯᠡᠵᠦ ᠣᠶᠢᠵᠢᠭᠤᠯᠤᠨ ᠂ 4.72 ᠲᠦᠮᠡᠨ ᠮᠦ ᠡᠯᠡᠰᠦ ᠶᠢ ᠢᠨᠵᠧᠨᠧᠷᠢᠩ ᠢᠶᠠᠷ ᠲᠣᠭᠲᠠᠪᠤᠷᠢᠵᠢᠭᠤᠯᠵᠤ᠂ 2.41 ᠲᠦᠮᠡᠨ ᠮᠦ ᠡᠯᠡᠰᠦ ᠶᠢ ᠭᠡᠷᠡᠯᠴᠢ ᠴᠡᠨᠡᠭ ᠢᠶᠠᠷ ᠵᠠᠰᠠᠪᠠ᠃

      ᠳᠤᠷᠠᠳᠤᠭᠤᠰᠢᠲᠠᠢ ᠎ ᠨᠢ ᠂ ᠡᠨᠡ ᠵᠢᠯ ᠤᠯᠠᠭᠠᠨᠬᠠᠳᠠ ᠬᠤᠲᠠ ᠴᠦᠯᠵᠢᠯᠲᠡ ᠶᠢ ᠰᠡᠷᠭᠡᠶᠢᠯᠡᠨ ᠵᠠᠰᠠᠬᠤ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠠᠬᠢᠭᠤᠯᠵᠤ᠂ ᠪᠥᠬᠦ ᠬᠤᠲᠠ ᠪᠠᠷ ᠢᠶᠠᠨ ᠵᠢᠯ ᠳᠤ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠢᠨᠵᠧᠨᠧᠷᠢᠩ ᠢ 120 ᠲᠦᠮᠡᠨ ᠺᠢᠯᠣᠸᠠᠲ ᠪᠦᠲᠦᠭᠡᠨ ᠪᠠᠶᠢᠭᠤᠯᠵᠤ᠂ 20 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠵᠦ ᠪᠠᠶᠢᠨ᠎ᠠ᠃ 2025 ᠣᠨ ᠪᠣᠯᠬᠤ ᠳᠤ ᠂ ᠰᠢᠨ᠎ᠡ ᠡᠨᠧᠷᠭᠢ ᠪᠣᠯᠣᠨ ᠡᠯᠡᠰᠦ ᠶᠢ ᠵᠠᠰᠠᠬᠤ ᠢᠨᠵᠧᠨᠧᠷᠢᠩ ᠵᠡᠷᠭᠡ ᠪᠠᠷ ᠳᠠᠭᠤᠰᠴᠤ ᠦᠷ᠎ᠡ ᠪᠦᠲᠦᠮᠵᠢ ᠣᠯᠵᠤ ᠂ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠢᠯᠠᠯᠲᠠ ᠶᠢ ᠣᠯᠬᠤ ᠳᠤ ᠬᠦᠴᠦ ᠨᠡᠮᠡᠷᠢᠯᠡᠨ᠎ᠡ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ