ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 14 ᠳ᠋ᠦ᠋ᠭᠡᠷ ᠬᠤᠭᠤᠴᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/27


      5 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ︽ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠪᠣᠯᠣᠨ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠢ ᠮᠡᠳᠡᠭᠦᠯᠦᠨ ᠬᠦᠷᠭᠡᠬᠦ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠪᠣᠯᠪᠠᠰᠤᠷᠠᠯ ᠢ ᠴᠢᠩᠭᠠᠳᠬᠠᠵᠤ᠂ ᠲᠦᠷᠦᠯ ᠵᠦᠢᠯ ᠤᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ︽ ᠰᠠᠭᠠᠳ ᠦᠭᠡᠢ ᠨᠡᠪᠲᠡᠷᠡᠬᠦ ᠵᠠᠮ ︾ ᠢ ᠪᠠᠶᠢᠭᠤᠯᠵᠤ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠭᠤᠯᠵᠤ᠂ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠡᠷᠲᠡᠬᠡᠨ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠢᠷᠡᠬᠦ ᠵᠢᠯ ᠤᠨ ᠲᠦᠷᠦᠯ ᠵᠦᠢᠯ ᠢ ᠡᠷᠲᠡᠬᠡᠨ ᠲᠥᠯᠥᠪᠵᠢᠭᠦᠯᠦᠨ ᠨᠥᠭᠡᠴᠡᠯᠡᠵᠦ᠂ ᠤᠯᠤᠰ ᠤᠨ ᠲᠠᠪᠴᠠᠩ ᠳᠤ ᠨᠡᠩ ᠤᠯᠠᠨ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠵᠦ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠲᠠᠯ᠎ᠠ ᠠᠴᠠ ᠵᠥᠷᠢᠶ᠎ᠡ ᠪᠠᠨ ᠡᠷᠢᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠲᠣᠭᠲᠠᠭᠠᠵᠤ᠂ ᠲᠤᠰᠬᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠬᠤᠳᠠ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠯᠠᠭᠠᠯᠠᠭ᠎ᠠ ᠶᠢᠨ ᠢᠨᠵᠧᠨᠧᠷᠢᠩ ᠲᠠᠢ ᠤᠶᠠᠯᠳᠤᠭᠤᠯᠤᠨ ᠠᠬᠢᠭᠤᠯᠵᠤ᠂ ᠶᠠᠰᠤ ᠴᠢᠨᠠᠷ ᠢ ᠮᠥᠷᠳᠡᠬᠦ᠂ ᠪᠠᠷᠢᠯᠭ᠎ᠠ ᠶᠢᠨ ᠠᠵᠢᠯ ᠢ ᠬᠠᠮᠢᠶᠠᠷᠬᠤ᠂ ᠵᠢᠭᠠᠨ ᠵᠢᠯᠤᠭᠤᠳᠴᠤ ᠱᠠᠯᠠᠪᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠣᠨᠣᠴᠠᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠣᠯᠠᠨ ᠲᠠᠰ ᠳᠠᠪᠬᠤᠷᠭ᠎ᠠ ᠣᠯᠠᠨ ᠲᠤᠯᠭᠠᠭᠤᠷᠢᠯᠠᠯ ᠪᠦᠬᠦᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮ ᠢ ᠪᠠᠶᠢᠭᠤᠯᠬᠤ ᠰᠠᠨᠠᠯ ᠢ ᠬᠢᠨᠠᠨ ᠵᠥᠪᠯᠡᠵᠦ ᠪᠠᠲᠤᠯᠠᠨ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠷᠭ᠎ᠠ ᠬᠡᠮᠵᠢᠶ᠎ᠡ ᠪᠠᠨ ︽ ᠡᠴᠦᠰ ᠤᠨ ᠨᠢᠭᠡ ᠮᠧᠲᠷ ︾ ᠭᠦᠷᠲᠡᠯ᠎ᠡ ᠨᠠᠶᠢᠳᠠᠪᠤᠷᠢᠵᠢᠭᠤᠯᠬᠤ ᠶᠢᠨ ᠵᠡᠷᠭᠡ ᠪᠠᠷ ᠪᠤᠭᠤᠷᠤᠯᠴᠤᠳ ᠤᠨ ᠠᠵᠤ ᠠᠬᠤᠢ ᠶᠢ ᠰᠠᠶᠢᠲᠤᠷ ᠬᠥᠭᠵᠢᠭᠦᠯᠵᠦ᠂ ᠨᠠᠰᠤᠲᠠᠶᠢᠴᠤᠳ ᠲᠤ ᠡᠮᠴᠢᠯᠡᠭᠡ ᠡᠷᠡᠭᠦᠯᠵᠢᠯ ᠰᠤᠪᠢᠯᠠᠯᠲᠠ ᠠᠴᠠ ᠨᠡᠶᠢᠭᠡᠮ ᠤᠨ ᠬᠠᠷᠢᠯᠴᠠᠭ᠎ᠠ ᠵᠤᠭ᠎ᠠ ᠴᠡᠩᠭᠡᠯ ᠤᠨ ᠪᠦᠭᠦ ᠲᠠᠯ᠎ᠠ ᠬᠦᠷᠲᠡᠯᠡᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠨ᠂ ᠪᠠᠶᠢᠷᠢᠰᠢᠭᠤᠯᠤᠯᠲᠠ ᠶᠢ ᠪᠦᠭᠦ ᠣᠷᠣᠨ ᠳᠤ ᠨᠢᠭᠡᠳᠦᠯᠲᠡᠢ ᠲᠥᠯᠥᠪᠵᠢᠭᠦᠯᠬᠦ᠂ ᠡᠯᠧᠮᠧᠨ᠋ᠲ ᠢ ᠪᠦᠭᠦ ᠲᠠᠯ᠎ᠠ ᠪᠠᠷ ᠪᠠᠲᠤᠯᠠᠬᠤ ᠶᠢ ᠪᠡᠶᠡᠯᠡᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠬᠥᠭᠵᠢᠯᠲᠡ ᠶᠢ ᠬᠥᠲᠥᠯᠥᠨ ᠳᠠᠭᠠᠭᠤᠯᠬᠤ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠬᠤᠯᠠᠴᠢᠯᠠᠵᠤ᠂ ᠤᠰᠤᠲᠥ᠋ᠷᠥᠭᠴᠢ ᠶᠢᠨ ᠲᠣᠨᠣᠭᠯᠠᠯ ᠦᠢᠯᠡᠳᠬᠦ ᠦᠢᠯᠡᠰ ᠤᠨ ᠲᠦᠷᠭᠡᠨ ᠬᠥᠭᠵᠢᠯᠲᠡ ᠶᠢ ᠵᠡᠷᠭᠡ ᠪᠠᠷ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ ᠤ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ᠂ ᠡᠷᠬᠡ ᠣᠯᠭᠤᠭᠰᠠᠨ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠪᠣᠯᠣᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠱᠠᠩᠨᠠᠯ ᠢ ᠰᠢᠯᠭᠠᠷᠠᠭᠤᠯᠤᠨ ᠱᠠᠩᠨᠠᠬᠤ ᠠᠷᠭ᠎ᠠ ᠶᠢ ᠬᠢᠨᠠᠨ ᠵᠥᠪᠯᠡᠵᠦ ᠪᠠᠲᠤᠯᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ