ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠯᠦᠩ ᠵᠢᠢ ᠪᠣᠬᠢᠷᠲᠤᠯ ᠦᠭᠡᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠬᠢᠷᠠᠯᠴᠠᠪᠠ  ᠰᠦᠨ ᠱᠣᠣ ᠴᠧᠩ  ᠸᠠᠩ ᠯᠢ ᠰᠢᠶᠠ ᠯᠢ ᠵᠧᠨ ᠭᠦᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2024/5/29

    5 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠣᠯᠣᠨ ᠯᠦᠩ ᠵᠢᠢ ᠪᠣᠬᠢᠷᠲᠤᠯ ᠦᠭᠡᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠬᠢᠷᠠᠯᠴᠠᠪᠠ᠃ ᠲᠣᠰ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠯᠢ ᠵᠧᠨ ᠭᠦᠸᠧ ᠲᠠᠢ ᠠᠭᠤᠯᠵᠠᠪᠠ᠃

隆基绿能.jpg

 

    ᠰᠦᠨ ᠱᠣᠣ ᠴᠧᠩ ᠯᠢ ᠵᠧᠨ ᠭᠦᠸᠧ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠤᠨ ᠬᠥᠭᠵᠢᠯᠲᠡ ᠶᠢᠨ ᠳᠠᠪᠠᠭᠤᠯᠢᠭ ᠮᠠᠰᠢ ᠣᠯᠠᠨ᠂ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ ᠪᠠᠶᠢᠨ᠎ᠠ᠂ ᠪᠢᠳᠡ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠢᠲᠡᠭᠡᠯ ᠳᠦᠭᠦᠷᠡᠩ ᠪᠠᠶᠢᠨ᠎ᠠ᠃ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠵᠠᠷᠴᠢᠮ ᠢᠶᠠᠷ᠂ ᠪᠢᠳᠡ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠵᠠᠭᠪᠤᠷ ᠪᠣᠯᠣᠨ ᠬᠠᠮᠲᠤᠷᠠᠯᠴᠠᠭᠠᠨ ᠤ ᠠᠷᠭ᠎ᠠ ᠬᠡᠯᠪᠡᠷᠢ ᠪᠠᠨ ᠰᠢᠯᠢᠳᠡᠭᠵᠢᠭᠦᠯᠵᠦ᠂ ︽ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ︾ ᠬᠠᠭᠤᠴᠢᠨ ᠵᠠᠮ ᠢᠶᠠᠷ ᠵᠠᠮᠨᠠᠬᠤ ᠪᠠᠨ ᠪᠣᠯᠢᠪᠠ᠃ ᠣᠳᠣᠬᠠᠨ ᠳᠤ ᠰᠢᠨ᠎ᠡ ᠡᠨᠧᠷᠭᠢ ᠶᠢᠨ ᠮᠡᠷᠭᠡᠵᠢᠯ ᠲᠦᠷᠭᠡᠨ ᠰᠣᠯᠢᠭᠳᠠᠵᠤ᠂ ᠪᠢᠳᠡ ᠶᠠᠭ ᠠᠵᠠ ᠲᠣᠬᠢᠶᠠᠯ ᠢ ᠠᠮᠵᠢᠵᠤ᠂ ᠴᠠᠭ ᠮᠥᠴᠡ ᠲᠠᠢ ᠤᠷᠤᠯᠳᠤᠬᠤ ᠣᠪᠣᠷ ᠢᠶᠠᠷ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠶᠡᠭᠡ ᠬᠦᠴᠦ ᠣᠷᠣᠭᠤᠯᠵᠤ ᠪᠠᠶᠢᠭᠠᠳ ᠨᠥᠭᠡᠴᠡ ᠡᠨᠧᠷᠭᠢ ᠡᠨᠡ ᠬᠦ ︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ ᠥᠪᠥᠷ ᠮᠣᠩᠭᠤᠯ ᠪᠣᠯᠣᠨ ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠺᠣᠮᠫᠠᠨᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠯᠴᠠᠭ᠎ᠠ ᠪᠠᠨ ᠪᠠᠲᠤᠯᠠᠵᠤ ᠪᠣᠢ᠂ ᠬᠤᠶᠠᠷ ᠲᠠᠯ᠎ᠠ ᠪᠠᠷ ᠢᠶᠠᠨ ᠨᠥᠭᠡᠴᠡ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠵᠡᠷᠭᠡ ᠬᠦᠷᠢᠶᠡᠨ ᠤ ᠲᠣᠭᠤᠷᠢᠨ ᠳᠤ ᠬᠠᠮᠲᠤᠷᠠᠯᠴᠠᠭ᠎ᠠ ᠪᠠᠨ ᠤᠯᠠᠮ ᠭᠦᠨᠵᠡᠭᠡᠶᠢᠷᠡᠭᠦᠯᠵᠦ᠂ ᠨᠡᠩ ᠣᠯᠠᠨ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠠᠯ᠎ᠠ ᠶᠢᠨ ᠬᠢᠨ ᠠᠵᠤ ᠠᠬᠤᠶᠢᠯᠠᠯ ᠤᠨ ᠬᠥᠭᠵᠢᠯᠲᠡ ᠶᠢ ᠦᠨᠡᠨ ᠰᠡᠳᠬᠢᠯ ᠠᠴᠠ ᠪᠠᠨ ᠳᠡᠮᠵᠢᠬᠦ ᠬᠡᠷᠡᠭᠲᠡᠢ ᠭᠡᠵᠡᠢ᠃

    ᠯᠢ ᠵᠧᠨ ᠭᠦᠸᠧ ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠺᠣᠮᠫᠠᠨᠢ ᠶᠢᠨ ᠬᠥᠭᠵᠢᠯᠲᠡ ᠶᠢᠨ ᠶᠠᠪᠤᠴᠠ ᠪᠣᠯᠣᠨ ᠥᠪᠥᠷ ᠮᠣᠩᠭᠤᠯ ᠳᠠᠬᠢ ᠬᠥᠭᠵᠢᠯᠲᠡ ᠶᠢᠨ ᠲᠥᠯᠥᠪᠵᠢᠭᠦᠯᠭᠡ ᠪᠣᠯᠣᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠨᠢᠯᠴᠠᠭᠤᠯᠪᠠ᠃ ᠲᠡᠷᠡ᠂ ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠺᠣᠮᠫᠠᠨᠢ ᠥᠪᠥᠷ ᠮᠣᠩᠭᠤᠯ ᠳᠤ ᠮᠠᠰᠢ ᠢᠲᠡᠭᠡᠯ ᠲᠠᠢ ᠪᠠᠶᠢᠨ᠎ᠠ᠂ ᠲᠣᠰ ᠤᠳᠠᠭ᠎ᠠ ᠶᠢᠨ ᠵᠥᠪᠯᠡᠯᠴᠡᠭᠡᠷ ᠲᠣᠬᠢᠷᠠᠯᠴᠠᠬᠤ ᠪᠠᠷ ᠠᠵᠠ ᠲᠣᠬᠢᠶᠠᠯ ᠪᠣᠯᠭᠠᠵᠤ᠂ ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠺᠣᠮᠫᠠᠨᠢ ᠶᠢᠨ ᠠᠽᠢᠶ᠎ᠠ ᠡᠸᠦ᠋ᠷᠦᠫᠡ ᠶᠢᠨ ᠶᠡᠷᠦᠩᠬᠡᠢ ᠭᠠᠵᠠᠷ ᠢ ᠲᠦᠷᠭᠡᠨ ᠪᠠᠶᠢᠭᠤᠯᠵᠤ᠂ ︽ᠦᠢᠯᠡᠳᠪᠦᠷᠢᠯᠡᠬᠦ᠂ ᠪᠣᠷᠣᠯᠠᠭᠤᠯᠬᠤ᠂ ᠵᠢᠭᠠᠬᠤ᠂ ᠰᠤᠳᠤᠯᠬᠤ᠂ ᠡᠭᠦᠳᠬᠦ︾ ᠶᠢ ᠲᠥᠪᠯᠡᠷᠡᠭᠦᠯᠦᠭᠰᠡᠨ ᠲᠠᠪᠤ ᠶᠢ ᠨᠢᠭᠡ ᠴᠣᠭᠴᠠᠵᠢᠭᠤᠯᠬᠤ ᠪᠥᠬᠦ ᠲᠠᠯ᠎ᠠ ᠶᠢᠨ ᠪᠠᠶᠢᠷᠢᠰᠢᠭᠤᠯᠤᠯᠲᠠ ᠶᠢ ᠢᠳᠡᠪᠬᠢᠲᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠳᠤ ᠭᠦᠨᠵᠡᠭᠡᠢ ᠣᠷᠣᠯᠴᠠᠵᠤ᠂ ᠥᠪᠥᠷ ᠮᠣᠩᠭᠤᠯ ᠤᠨ ᠦᠢᠯᠡᠳᠬᠦ ᠦᠢᠯᠡᠰ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠬᠤ ᠳᠤ ᠨᠡᠩ ᠣᠯᠠᠨ ᠬᠦᠴᠦᠨ ᠨᠡᠮᠡᠷᠢᠯᠡᠨ᠎ᠡ ᠭᠡᠵᠦ ᠬᠡᠯᠡᠪᠡ᠃

    ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠺᠣᠮᠫᠠᠨᠢ ᠪᠣᠯ ᠰᠢᠨ᠎ᠡ ᠡᠨᠧᠷᠭᠢ ᠶᠢᠨ ᠲᠣᠨᠣᠭᠯᠠᠯ ᠤᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠣᠨ᠎ᠠ᠂ ᠮᠠᠨ ᠤ ᠣᠷᠣᠨ ᠳᠤ ᠪᠡᠯᠡ ᠣᠷᠣᠭᠤᠯᠤᠨ ᠣᠷᠳᠣᠰ ᠤᠨ ᠭᠡᠷᠡᠯᠴᠢ ᠴᠡᠨᠡᠭ ᠤᠨ ᠠᠵᠤ ᠦᠢᠯᠡᠰ ᠤᠨ ᠰᠠᠭᠤᠷᠢᠨ ᠢ ᠪᠦᠲᠦᠭᠡᠨ ᠪᠠᠶᠢᠭᠤᠯᠪᠠ᠃ ᠲᠣᠰ ᠤᠳᠠᠭ᠎ᠠ ᠶᠢᠨ ᠲᠣᠬᠢᠷᠠᠯᠴᠠᠭᠰᠠᠨ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠭᠤᠣᠯᠳᠠᠭᠤ ᠯᠥᠩ ᠵᠢᠢ ᠪᠣᠬᠢᠷᠲᠤᠯ ᠦᠭᠡᠢ ᠡᠨᠧᠷᠭᠢ ᠶᠢᠨ ᠺᠣᠮᠫᠠᠨᠢ ᠶᠢᠨ ᠠᠽᠢᠶ᠎ᠠ ᠡᠸᠦ᠋ᠷᠦᠫᠡ ᠶᠢᠨ ᠶᠡᠷᠦᠩᠬᠡᠢ ᠭᠠᠵᠠᠷ ᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ ᠰᠢᠨ᠎ᠡ ᠶᠢ ᠡᠭᠦᠳᠬᠦ᠂ ᠪᠥᠬᠦ ᠤᠯᠤᠰ ᠲᠤ ᠲᠥᠷᠥᠭᠦᠯᠦᠭᠰᠡᠨ ᠣᠳᠣ ᠦᠶ᠎ᠡ ᠶᠢᠨ ᠡᠨᠧᠷᠭᠢ ᠶᠢᠨ ᠦᠢᠯᠡᠳᠬᠦ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ᠂ ᠠᠽᠢᠶ᠎ᠠ ᠡᠸᠦ᠋ᠷᠦᠫᠡ ᠶᠢᠨ ᠭᠠᠵᠠᠷ ᠣᠷᠣᠨ ᠤ ᠬᠠᠮᠤᠭ ᠤᠨ ᠶᠡᠭᠡ ᠤᠰᠤᠲᠥ᠋ᠷᠥᠭᠴᠢ ᠡᠨᠧᠷᠭᠢ ᠶᠢᠨ ᠬᠦᠢᠰᠦ ᠶᠢ ᠴᠣᠭᠴᠠᠯᠠᠬᠤ᠂ ᠰᠢᠨ᠎ᠡ ᠬᠡᠯᠪᠡᠷᠢ ᠶᠢᠨ ᠪᠣᠬᠢᠷᠲᠤᠯ ᠦᠭᠡᠢ ᠡᠨᠧᠷᠭᠢ ᠶᠢᠨ ᠰᠢᠰᠲ᠋ᠧᠮ ᠤᠨ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ᠂ ᠣᠯᠠᠨ ᠲᠠᠯ᠎ᠠ ᠠᠴᠠ ᠰᠢᠨ᠎ᠡ ᠡᠨᠧᠷᠭᠢ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠠᠬᠤᠢ ᠪᠠᠶᠢᠳᠠᠯ ᠢ ᠪᠠᠶᠢᠭᠤᠯᠬᠤ᠂ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ ᠮᠡᠷᠭᠡᠵᠢᠯ ᠤᠨ ᠰᠢᠪᠲᠤᠯᠤᠯᠲᠠ ᠶᠢᠨ ᠬᠥᠳᠡᠯᠭᠡᠬᠦ ᠬᠦᠴᠦᠨ ᠬᠠᠩᠭᠠᠬᠤ ᠵᠡᠷᠭᠡ ᠲᠠᠯ᠎ᠠ ᠶᠢᠨ ᠲᠣᠭᠤᠷᠢᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠨ᠎ᠡ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠪᠠᠷ ᠪᠠᠶᠢᠨ᠎ᠠ᠃

    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ ᠲᠣᠰ ᠲᠣᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ