ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠡᠬᠢᠯᠡᠪᠡ  ᠰᠦᠨ ᠱᠣᠣ ᠴᠧᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/5/29

    5 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠪᠦᠭᠦᠳᠡ ᠬᠤᠷᠠᠯ ᠬᠢᠪᠡ᠃

    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠣᠲᠣ 73 ᠬᠥᠮᠥᠨ ᠪᠤᠶ᠂ ᠲᠣᠰ ᠤᠳᠠᠭ᠎ᠠ ᠶᠢᠨ ᠬᠤᠷᠠᠯ ᠳᠤ 65 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠰᠤᠯᠠ ᠣᠷᠣᠯᠴᠠᠪᠠ᠃

人大.jpg

 

    ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠴᠢ᠊ ᠪᠠᠲᠤ ᠶᠢᠨ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢ ᠠᠬᠢᠭᠤᠯᠬᠤ ᠳᠦᠷᠢᠮ ︵ᠲᠥᠰᠥᠯ ᠤᠨ ᠵᠠᠰᠠᠪᠤᠷᠢ ᠣᠷᠣᠭᠤᠯᠤᠭᠰᠠᠨ ᠨᠣᠣᠷᠠᠭ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠭᠢᠯᠡᠭᠴᠢ ᠭᠡᠰᠢᠭᠦᠨ ᠱᠢ ᠸᠠᠨ ᠵᠢᠶᠦ᠋ᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠤᠬᠠᠢ ᠲᠣᠳᠣᠷᠬᠠᠶᠢᠯᠠᠯᠲᠠ᠂ ︽  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯᠴᠢᠨ ᠤ ᠡᠪᠯᠡᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠭᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ︶︾ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠠᠩ ᠽᠦᠸᠧ ᠾᠧᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠭᠦᠩ ᠮᠢᠩ ᠵᠦ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠳᠦᠷᠢᠮ ︵ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠳᠠᠷᠤᠭ᠎ᠠ ᠱᠧᠩ ᠰᠢᠶᠣᠣ ᠶᠢᠤ ᠶᠢᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠢ ᠶᠢ ᠬᠠᠮᠠᠭᠠᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠡᠷᠭᠢᠯᠡᠭᠴᠢ ᠮᠥᠩᠭᠦᠨᠴᠡᠴᠡᠭ ᠤᠨ ᠬᠢᠭᠰᠡᠨ ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ︵ᠲᠥᠰᠥᠯ︶︾ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

    ᠬᠤᠷᠠᠯ ᠠᠴᠠ ᠴᠢ᠊ ᠪᠠᠲᠤ ᠶᠢᠨ ᠬᠢᠭᠰᠡᠨ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠳᠡᠳ᠋ ᠡᠷᠭᠢᠯᠡᠭᠴᠢ ᠸᠠᠩ ᠹᠠᠩ ᠤᠨ ᠬᠢᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 – 2030 ᠣᠨ︶︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 – 2030 ᠣᠨ︶︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠭᠦᠸᠧ ᠢᠦᠢ ᠹᠧᠩ ᠤᠨ ᠬᠢᠭᠰᠡᠨ ᠪᠦᠭᠦ ᠣᠷᠣᠨ ᠤ ᠬᠤᠲᠠ ᠪᠠᠯᠭᠠᠰᠤᠨ ᠤ ᠢᠯᠴᠢ ᠬᠠᠩᠭᠠᠬᠤ ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠭᠢᠯᠡᠭᠴᠢ ᠯᠢᠦ ᠶᠦᠩ ᠤᠨ ᠬᠢᠭᠰᠡᠨ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠪᠦᠭᠦ ᠣᠷᠣᠨ ᠤ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠳᠠᠷᠤᠭ᠎ᠠ ᠸᠠᠩ ᠸᠠᠩ ᠱᠧᠩ ᠤᠨ ᠬᠢᠭᠰᠡᠨ ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ 2023 ᠣᠨ ᠤ ᠣᠷᠴᠢᠨ ᠲᠣᠭᠤᠷᠢᠨ ᠤ ᠪᠠᠶᠢᠳᠠᠯ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠯᠢ ᠵᠢᠶᠠᠨ ᠫᠢᠩ ᠤᠨ ᠬᠢᠭᠰᠡᠨ ᠪᠦᠭᠦ ᠣᠷᠣᠨ ᠤ ᠰᠢᠭᠦᠬᠦ ᠬᠤᠷᠢᠶ᠎ᠠ ᠶᠢᠨ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠭᠦᠸᠧ ᠰᠢᠨ ᠤ ᠬᠢᠭᠰᠡᠨ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠭᠡᠮ ᠤᠨ ᠲᠤᠬᠠᠢ ᠮᠡᠳᠡᠭᠦᠯᠦᠯᠲᠡ ᠶᠢ ᠰᠣᠨᠣᠰᠪᠠ᠃

    ᠬᠤᠷᠠᠯ ᠠᠴᠠ ᠡᠯ᠎ᠡ ᠲᠣᠭᠤᠷᠢᠭ ᠪᠠᠶᠢᠭᠤᠯᠤᠭᠰᠠᠨ ᠬᠤᠳᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠲᠤᠰᠢᠶᠠᠭᠰᠠᠨ 1 – 9 ᠳ᠋ᠦ᠋ᠭᠡᠷ ᠲᠣᠭᠠᠲᠤ ᠰᠠᠨᠠᠯ ᠵᠥᠪᠯᠡᠯᠭᠡ ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︿ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠤᠨ ᠪᠠᠶᠢᠳᠠᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠮᠡᠳᠡᠭᠦᠯᠦᠯᠲᠡ﹀ ᠶᠢ ᠬᠢᠨᠠᠨ ᠵᠥᠪᠯᠡᠭᠰᠡᠨ ᠰᠠᠨᠠᠯ︾ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠬᠢᠨᠠᠨ ᠵᠥᠪᠯᠡᠪᠡ᠃

    ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ᠂ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠣᠭᠤᠷᠢᠭ ᠪᠠᠶᠢᠭᠤᠯᠤᠭᠰᠠᠨ ᠬᠤᠳᠠ᠂ ᠮᠠᠨᠵᠤᠤᠷ ᠬᠤᠳᠠ᠂ ᠡᠷᠢᠶᠡᠨ ᠬᠤᠳᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ