ᠪᠦᠭᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠬᠤᠷᠠᠯᠳᠤᠪᠠ  ᠰᠦᠨ ᠱᠤᠤ ᠴᠧᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/5/31



      5 ᠰᠠᠷ᠎ᠠ ᠶᠢᠨ 29 ᠤ ᠡᠳᠦᠷ᠂ ᠪᠦᠭᠦ ᠣᠷᠣᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠤᠨ ᠬᠤᠷᠠᠯ ᠭᠦᠭᠡᠬᠤᠲᠠ ᠳᠤ ᠬᠤᠷᠠᠯᠳᠤᠪᠠ᠃

1.jpg


      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠵᠠᠬᠢᠷᠤᠯ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠢ ᠡᠷᠭᠢᠯᠡᠪᠡ ᠃

2.jpg

      ᠰᠦᠨ ᠱᠤᠤ ᠴᠧᠩ ᠂ ᠰᠢ  ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠤᠨ ᠰᠤᠷᠭᠠᠭᠤᠯᠢ ᠶᠢᠨ ᠦᠢᠯᠡᠰ ᠤᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠶᠡᠷᠦᠩᠬᠡᠢ ᠱᠦᠵᠢ ᠰᠢ  ᠶᠢᠨ ᠫᠢᠩ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ ᠂ ᠴᠢᠬᠤᠯᠠ ᠵᠢᠭᠠᠪᠤᠷᠢ ᠥᠭᠴᠦ ᠂ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠳᠤ ᠶᠡᠷᠦᠩᠬᠡᠢ ᠵᠢᠷᠤᠮᠯᠠᠯ ᠂ ᠶᠡᠷᠦᠩᠬᠡᠢ ᠦᠨᠳᠦᠰᠦᠯᠡᠯ ᠂ ᠶᠡᠷᠦᠩᠬᠡᠢ ᠵᠢᠯᠣᠭᠤᠳᠤᠯᠭ᠎ᠠ ᠬᠠᠩᠭᠠᠪᠠ ᠃ ᠪᠦᠭᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠨᠠᠮ ᠤᠨ ᠰᠤᠷᠭᠠᠭᠤᠯᠢ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠭᠠᠭᠤᠯᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠥᠪ ᠤᠨ ᠨᠠᠮ ᠤᠨ ᠰᠤᠷᠭᠠᠭᠤᠯᠢ ᠠᠴᠠ ᠮᠠᠨ ᠤ ᠣᠷᠣᠨ ᠤ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠤᠨ ᠪᠠᠶᠢᠭᠤᠯᠤᠯᠲᠠ ᠂ ᠪᠠᠭᠰᠢ ᠶᠢᠨ ᠲᠣᠬᠢᠷᠠᠭᠤᠯᠤᠯᠲᠠ ᠂ ᠪᠠᠭᠰᠢ ᠶᠢᠨ ᠪᠣᠯᠪᠠᠰᠤᠷᠠᠯ ᠤᠨ ᠠᠵᠢᠯ ᠢ ᠲᠡᠮᠵᠢᠵᠦ ᠪᠠᠶᠢᠭ᠎ᠠ ᠠᠵᠠ ᠲᠣᠭᠢᠶᠠᠯ ᠢ ᠠᠮᠵᠢᠵᠤ ᠂ ᠦᠨᠳᠦᠰᠦᠨ ᠪᠣᠯᠪᠠᠰᠤᠷᠠᠯ ᠤᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ ᠂ ᠮᠠᠨ ᠤ ᠣᠷᠣᠨ ᠤ ᠨᠠᠮ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠰᠤᠷᠭᠠᠭᠤᠯᠢ ᠡᠷᠭᠢᠯᠡᠭᠦ ᠲᠦᠪᠰᠢᠨ ᠢ ᠪᠦᠭᠦ ᠤᠯᠤᠰ ᠤᠨ ᠳᠤᠮᠳᠠ ᠲᠦᠪᠰᠢᠨ ᠳᠤ ᠣᠷᠣᠭᠤᠯᠬᠤ ᠶᠢ ᠪᠦᠭᠦ ᠬᠦᠴᠦ ᠪᠠᠷ ᠢᠶᠠᠨ ᠠᠬᠢᠭᠤᠯᠬᠤ ᠬᠡᠷᠡᠭᠲᠡᠢ ᠭᠡᠵᠡᠢ ᠃

      ᠰᠦᠨ ᠱᠤᠤ ᠴᠧᠩ ᠂ ᠤᠳᠤ ᠶᠢᠨ ᠨᠥᠬᠦᠴᠡᠯ ᠳᠣᠣᠷ᠎ᠠ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ ᠪᠠᠶᠢᠭᠤᠯᠤᠯᠲᠠ ᠶᠢ ᠴᠢᠩᠭᠠᠳᠬᠠᠬᠤ ᠳᠤ ᠂ ᠠᠵᠢᠯ ᠢᠶᠠᠨ ᠪᠦᠭᠦ ᠲᠠᠯ᠎ᠠ ᠪᠠᠷ ᠳᠡᠯᠭᠡᠭᠡᠳ ︽ ᠪᠠᠭ᠎ᠠ ᠮᠥᠷᠲᠡᠭᠡᠨ ᠪᠦᠷᠢᠨ ︾ ᠪᠦᠬᠦᠢ ᠳᠣᠣᠷ᠎ᠠ ᠲᠦᠪᠰᠢᠨ ᠳᠤ ᠪᠠᠶᠢᠯᠭᠠᠵᠤ ᠪᠤᠯᠬᠤ ᠦᠭᠡᠢ ᠂ ᠡᠷᠬᠡᠪᠰᠢ ᠰᠤᠷᠭᠠᠭᠤᠯᠢ ᠡᠷᠭᠢᠯᠡᠭᠦ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠰᠤᠷᠭᠠᠭᠤᠯᠢ ᠡᠷᠭᠢᠯᠡᠭᠦ ᠵᠠᠭᠪᠤᠷ ᠤᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ ᠂ ᠪᠠᠶᠢᠷᠢᠰᠢᠭᠤᠯᠤᠯᠲᠠ ᠂ ᠬᠥᠮᠥᠨ ᠤ ᠬᠦᠴᠦᠨ ᠂ ᠲᠠᠯᠠᠪᠤᠷ ᠵᠡᠷᠭᠡ ᠳᠠᠬᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠬᠦ ᠶᠢ ᠴᠢᠩᠭᠠᠳᠬᠠᠬᠤ ᠪᠠᠷ ᠳᠠᠮᠵᠢᠨ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠴᠢᠳᠠᠪᠤᠷᠢ ᠶᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠰᠤᠷᠭᠠᠭᠤᠯᠢ ᠲᠤᠰᠬᠠᠢ ᠲᠤᠰᠢᠶᠠᠯᠲᠤ ᠪᠠᠭᠰᠢ ᠶᠢᠨ ᠡᠩᠨᠡᠭᠡ ᠶᠢ ᠱᠠᠯᠠᠪᠳᠠᠨ ᠲᠡᠭᠦᠯᠳᠡᠷᠵᠢᠭᠦᠯᠵᠦ ᠂ ︽ ᠬᠤᠣᠰ ᠪᠠᠭᠰᠢ ᠶᠢᠨ ᠰᠢᠰᠲ᠋ᠧᠮ ︾ ᠢ ᠲᠦᠷᠭᠡᠪᠴᠢᠯᠡᠨ ᠪᠠᠶᠢᠭᠤᠯᠵᠤ ᠂ ᠪᠠᠭᠰᠢ ᠶᠢᠨ ᠬᠠᠷᠠᠭᠠᠯᠵᠠᠯ ᠢ ᠳᠡᠭᠡᠭᠰᠢᠯᠡᠭᠦᠯᠦᠨ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠪᠠᠭᠰᠢ ᠶᠢᠨ ᠬᠦᠴᠦᠨ ᠪᠠ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠪᠠ ᠨᠠᠮ ᠤᠨ ᠭᠡᠰᠢᠭᠦᠨ ᠺᠠᠳ᠋ᠷᠴᠤᠳ ᠤᠨ ᠬᠡᠷᠡᠭᠴᠡᠭᠡ ᠶᠢ ᠴᠢᠩᠭ᠎ᠠ ᠡᠵᠡᠮᠳᠡᠵᠦ ᠦᠨᠳᠦᠰᠦᠨ ᠪᠣᠯᠪᠠᠰᠤᠷᠠᠯ ᠤᠨ ᠲᠥᠰᠥᠯ ᠢ ᠱᠠᠲᠤ ᠳᠠᠷᠠᠭᠠᠯᠠᠨ ᠨᠠᠷᠢᠯᠢᠭᠵᠢᠭᠤᠯᠵᠤ ᠂ ᠬᠢᠴᠢᠶᠡᠯ ᠤᠨ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ ᠂ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠶᠢ ᠰᠠᠶᠢᠵᠢᠷᠠᠭᠤᠯᠤᠨ ᠂ ᠨᠡᠭᠡᠭᠡᠯᠲᠡ ᠲᠠᠢ ᠪᠠᠷ ᠰᠤᠷᠭᠠᠭᠤᠯᠢ ᠡᠷᠭᠢᠯᠡᠭᠦ ᠶᠢ ᠠᠬᠢᠭᠤᠯᠵᠤ ᠂ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠨ ᠪᠣᠯᠪᠠᠰᠤᠷᠠᠯ ᠤᠨ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ ᠃ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ︽ ᠵᠢᠷᠭᠤᠭᠠᠨ ᠢᠨᠵᠧᠨᠧᠷᠢᠩ ︾ ᠢ ᠬᠡᠷᠡᠭᠵᠢᠭᠦᠯᠬᠦ ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠵᠡᠷᠭᠡ ᠶᠢᠨ ᠲᠣᠭᠤᠷᠢᠨ ᠳᠤ ᠂ ᠤᠨᠤᠯ ᠤᠨ ᠰᠤᠳᠤᠯᠭᠠᠨ ᠪᠠ ᠠᠷᠭᠠᠴᠠᠭᠠᠬᠤ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ ᠂ ᠨᠠᠮ ᠤᠨ ᠬᠤᠷᠢᠶ᠎ᠠ ᠳᠤ ᠢᠳᠡᠪᠬᠢᠲᠡᠢ ᠪᠠᠷ ᠠᠷᠭ᠎ᠠ ᠤᠬᠠᠭᠠᠨ ᠳᠡᠪᠰᠢᠭᠦᠯᠦᠨ ᠂ ᠰᠠᠨᠠᠯ ᠰᠠᠨᠠᠭᠤᠯᠭ᠎ᠠ ᠳᠤᠷᠠᠳᠴᠤ ᠂ ᠰᠠᠶᠢᠨ ᠠᠷᠭ᠎ᠠ ᠤᠬᠠᠭᠠᠨ ᠥᠭᠬᠦ ᠬᠡᠷᠡᠭᠲᠡᠢ ᠃ ᠨᠠᠮ ᠤᠨ ᠰᠤᠷᠭᠠᠭᠤᠯᠢ ᠪᠣᠯ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠬᠦ ᠭᠠᠵᠠᠷ ᠮᠥᠨ ᠂ ᠰᠤᠷᠲᠠᠯ ᠤᠨ ᠪᠠᠶᠢᠭᠤᠯᠤᠯᠲᠠ ᠶᠢᠨ ᠲᠠᠯ᠎ᠠ ᠪᠠᠷ ᠡᠷᠬᠡᠪᠰᠢ ᠨᠡᠩ ᠥᠨᠳᠥᠷ ᠱᠠᠭᠠᠷᠳᠠᠯᠭ᠎ᠠ ᠲᠠᠢ ᠪᠠᠶᠢᠵᠤ ᠂ ᠨᠠᠮ ᠤᠨ ᠰᠤᠷᠭᠠᠭᠤᠯᠢ ᠶᠢ ᠴᠢᠩᠭ᠎ᠠ ᠬᠠᠮᠢᠶᠠᠷᠴᠤ ᠂ ᠰᠤᠷᠤᠬᠴᠢᠳ ᠪᠠ ᠪᠠᠭᠰᠢ ᠨᠠᠷ ᠯᠠᠪᠳᠠᠭᠤᠨ ᠳᠠᠷᠤᠤ ᠪᠠᠶᠢᠵᠤ ᠂ ᠪᠣᠳᠠᠲᠠᠢ ᠶᠢ ᠡᠷᠬᠢᠮᠯᠡᠨ ᠂ ᠬᠢᠴᠢᠶᠡᠯ ᠪᠦᠷᠢ ᠶᠢ ᠴᠥᠮ ᠦᠢᠯᠡᠳᠦᠯ ᠲᠠᠢ ᠪᠤᠯᠭᠠᠵᠤ ᠂ ᠠᠩᠭᠢ ᠪᠦᠷᠢ ᠶᠢ ᠴᠥᠮ ᠪᠣᠳᠠᠲᠤ ᠦᠷ᠎ᠡ ᠪᠦᠲᠦᠮᠵᠢ ᠲᠠᠢ ᠪᠤᠯᠭᠠᠵᠤ ᠂ ᠰᠡᠳᠦᠪ ᠪᠦᠷᠢ ᠶᠢ ᠴᠥᠮ ᠦᠷ᠎ᠡ ᠪᠦᠲᠦᠮᠵᠢ ᠲᠠᠢ ᠪᠤᠯᠭᠠᠵᠤ ᠂ ᠰᠤᠷᠤᠬᠴᠢ ᠪᠦᠷᠢ ᠶᠢ ᠴᠥᠮ ᠣᠯᠣᠯᠲᠠ ᠲᠠᠢ ᠪᠤᠯᠭᠠᠵᠤ ᠂ ᠪᠣᠷᠣᠭᠵᠢᠭᠤᠨ ᠪᠥᠭᠡᠳ ᠠᠷᠢᠭᠤᠨ ᠴᠢᠬᠡᠴᠢ ᠰᠤᠷᠭᠠᠭᠤᠯᠢ ᠶᠢᠨ ᠰᠢᠯᠢᠳᠡᠭ ᠰᠤᠷᠲᠠᠯ ᠢ ᠪᠣᠶᠢᠵᠢᠭᠤᠯᠤᠨ ᠪᠠᠳᠠᠷᠠᠭᠤᠯᠬᠤ ᠬᠡᠷᠡᠭᠲᠡᠢ ᠭᠡᠵᠡᠢ ᠃

      ᠰᠦᠨ ᠱᠤᠤ ᠴᠧᠩ ᠂ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠂ ᠡᠯ᠎ᠡ ᠱᠠᠲᠤᠨ ᠤ ᠨᠠᠮ ᠤᠨ ᠬᠤᠷᠢᠶ᠎ᠠ ᠴᠢᠬᠤᠯᠠ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ ᠂ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠰᠤᠷᠭᠠᠭᠤᠯᠢ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠰᠤᠳᠤᠯᠵᠤ ᠂ ᠨᠠᠮ ᠤᠨ ᠰᠤᠷᠭᠠᠭᠤᠯᠢ ᠶᠢᠨ ᠤᠳᠤᠷᠢᠳᠬᠤ ᠪᠠᠭ ᠲᠤ ᠰᠢᠯᠢᠳᠡᠭ ᠢ ᠰᠣᠩᠭᠤᠨ ᠲᠣᠬᠢᠷᠠᠭᠤᠯᠵᠤ ᠂ ᠨᠠᠮ ᠤᠨ ᠰᠤᠷᠭᠠᠭᠤᠯᠢ ᠶᠢ ᠬᠠᠪᠰᠤᠷᠤᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠂ ᠪᠠᠭᠰᠢ ᠶᠢᠨ ᠡᠩᠨᠡᠭᠡᠨ ᠤ ᠬᠥᠮᠦᠵᠢᠯ ᠂ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠬᠦ ᠬᠡᠷᠡᠭᠲᠡᠢ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠲᠣᠰ ᠤᠨ ᠡᠭᠦᠷᠭᠡ ᠪᠠᠨ ᠭᠦᠢᠴᠡᠳᠬᠡᠵᠦ ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ ᠂ ᠨᠠᠮ ᠤᠨ ᠰᠤᠷᠭᠠᠭᠤᠯᠢ ᠶᠢᠨ ᠠᠵᠢᠯ ᠢ ᠰᠠᠶᠢᠲᠤᠷ ᠬᠢᠬᠦ ᠬᠠᠮᠲᠤᠷᠠᠯ ᠬᠦᠴᠦᠨ ᠢ ᠨᠢᠭᠲᠠᠷᠠᠭᠤᠯᠤᠨ ᠪᠦᠷᠢᠯᠳᠦᠭᠦᠯᠬᠦ ᠬᠡᠷᠡᠭᠲᠡᠢ ᠃ ᠡᠯ᠎ᠡ ᠱᠠᠲᠤᠨ ᠤ ᠨᠠᠮ ᠤᠨ ᠰᠤᠷᠭᠠᠭᠤᠯᠢ ᠶᠢᠨ  ᠬᠢᠨ ᠨᠠᠮ ᠤᠨ ᠰᠤᠷᠭᠠᠭᠤᠯᠢ ᠨᠠᠮ ᠤᠨ ᠬᠢ ᠪᠠᠶᠢᠬᠤ ᠦᠨᠳᠦᠰᠦᠨ ᠵᠠᠷᠴᠢᠮ ᠢ ᠢᠮᠠᠭᠲᠠ ᠪᠦᠭᠦ ᠲᠠᠯ᠎ᠠ ᠪᠠᠷ ᠲᠤᠭᠤᠰᠢᠯᠠᠭᠤᠯᠵᠤ ᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠂ ᠴᠢᠳᠠᠪᠤᠷᠢᠲᠠᠨ ᠤ ᠡᠩᠨᠡᠭᠡ ᠂ ᠬᠠᠮᠢᠶᠠᠷᠤᠯᠲᠠ ᠦᠢᠯᠡᠴᠢᠯᠡᠭᠡ ᠵᠡᠷᠭᠡ ᠶᠢᠨ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠵᠦ ᠂ ᠨᠠᠮ ᠤᠨ ᠰᠤᠷᠭᠠᠭᠤᠯᠢ ᠶᠢᠨ ᠠᠵᠢᠯ ᠤᠨ ᠰᠢᠨᠵᠢᠯᠡᠬᠦ ᠤᠬᠠᠭᠠᠨᠴᠢ ᠂ ᠳᠦᠷᠢᠮᠵᠢᠯᠲᠡ ᠂ ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ ᠂ ᠵᠢᠭᠰᠠᠭᠠᠯ ᠤᠨ ᠭᠠᠵᠠᠷ ᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠪᠡ ᠃

      ᠬᠤᠷᠠᠯ ᠠᠴᠠ ᠪᠦᠭᠦ ᠣᠷᠣᠨ ᠤ ᠨᠠᠮ ᠤᠨ ᠰᠤᠷᠭᠠᠭᠤᠯᠢ ᠶᠢᠨ ᠪᠣᠳᠠᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ ᠂ ᠬᠤᠷᠠᠯ ᠳᠤ ᠣᠷᠣᠯᠴᠠᠬᠰᠠᠨ ᠨᠢᠭᠡᠴᠢ ᠶᠢᠨ ︽ ᠪᠦᠭᠦ ᠣᠷᠣᠨ ᠤ ᠨᠠᠮ ᠤᠨ ᠰᠤᠷᠭᠠᠭᠤᠯᠢ ︵ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ︶ ᠶᠢᠨ ᠰᠢᠰᠲ᠋ᠧᠮ ᠤᠨ ᠰᠢᠨ᠎ᠡ ᠶᠢ ᠡᠭᠦᠳᠦᠨ ᠳᠡᠭᠡᠭᠰᠢᠯᠡᠭᠦᠯᠭᠦ ᠠᠵᠢᠯᠯᠠᠭ᠎ᠠ ᠶᠢᠨ ᠲᠥᠰᠥᠯ ︵ 2024 — 2026 ᠣᠨ ︶ ︾ ᠤᠨ ᠲᠤᠬᠠᠢ ᠰᠠᠨᠠᠯ ᠰᠠᠨᠠᠭᠤᠯᠭ᠎ᠠ ᠶᠢ ᠪᠢᠴᠢᠭ ᠤᠨ ᠭᠡᠯᠪᠡᠷᠢ ᠪᠠᠷ ᠬᠤᠷᠢᠶᠠᠪᠠ ᠃

      ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠣᠯᠣᠨ ᠮᠠᠨᠵᠤᠤᠷ ᠬᠤᠳᠠ ᠂ ᠡᠷᠢᠶᠡᠨ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ