ᠤᠯᠠᠭᠠᠨᠬᠠᠳᠠ ᠬᠤᠲᠠ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2024/5/6

       ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠳᠤ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠨᠢ ᠪᠣᠯᠣᠨ᠎ᠠ᠃ ᠤᠯᠠᠭᠠᠨᠬᠠᠳᠠ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠦᠨᠵᠡᠭᠡᠢ ᠰᠦᠪᠡᠭᠴᠢᠯᠡᠨ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠤᠯᠠᠭᠠᠨᠬᠠᠳᠠ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠰᠢᠰᠲ᠋ᠧᠮ ᠳᠤ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠵᠤ ᠪᠤᠢ᠃

ᠨᠢᠭᠡ ᠳᠤ ᠠᠷᠭ᠎ᠠ ᠰᠦᠪᠡᠭᠴᠢᠯᠡᠨ ᠪᠠᠶᠢᠷᠢᠯᠠᠭᠤᠯᠬᠤ ᠪᠠᠨ ᠴᠢᠩᠭᠠᠳᠬᠠᠪᠠ᠃ ᠲᠤᠰᠬᠠᠢ ᠬᠥᠮᠥᠨ ᠲᠤᠰᠬᠠᠢ ᠠᠩᠭᠢ ᠲᠣᠭᠲᠠᠭᠠᠵᠤ ᠲᠤᠰ ᠠᠵᠢᠯ ᠢ ᠬᠠᠷᠢᠭᠤᠴᠠᠭᠤᠯᠪᠠ᠃ ᠠᠮᠢ ᠠᠬᠤᠢ ᠣᠷᠴᠢᠨ ᠲᠣᠭᠤᠷᠢᠨ ᠤ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ︽ᠤᠯᠠᠭᠠᠨᠬᠠᠳᠠ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢᠨ ᠲᠣᠳᠣᠷᠬᠠᠢ ᠬᠠᠭᠤᠳᠠᠰᠤ︾ ᠶᠢ ᠲᠣᠭᠲᠠᠭᠠᠵᠤ᠂ 19 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠬᠤ ᠰᠠᠯᠠᠭ᠎ᠠ ᠲᠠᠰᠤᠭ ᠪᠠ ᠪᠡᠶᠡᠯᠡᠭᠦᠯᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠭᠲᠠᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠳᠤ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠪᠠᠲᠤᠯᠠᠵᠠᠢ᠃

ᠬᠤᠶᠠᠷ ᠲᠤ ᠣᠷᠴᠢᠨ ᠲᠣᠭᠤᠷᠢᠨ ᠢ ᠨᠥᠯᠥᠭᠡᠯᠡᠬᠦ ᠦᠨᠡᠯᠡᠯᠲᠡ ᠶᠢᠨ ᠦᠨᠡᠨᠴᠢ ᠢᠲᠡᠭᠡᠮᠵᠢ ᠶᠢᠨ ᠲᠠᠩᠰᠠ ᠶᠢ ᠪᠠᠶᠢᠭᠤᠯᠪᠠ᠃ ᠣᠷᠴᠢᠨ ᠲᠣᠭᠤᠷᠢᠨ ᠢ ᠨᠥᠯᠥᠭᠡᠯᠡᠬᠦ ᠦᠨᠡᠯᠡᠯᠲᠡ ᠶᠢᠨ ᠪᠢᠴᠢᠭ ᠮᠠᠲ᠋ᠧᠷᠢᠶᠠᠯ ᠤᠨ ᠵᠢᠷᠤᠮᠵᠢᠯ ᠤᠨ ᠴᠢᠨᠠᠷᠲᠠᠢ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠣᠷᠴᠢᠨ ᠲᠣᠭᠤᠷᠢᠨ ᠢ ᠨᠥᠯᠥᠭᠡᠯᠡᠬᠦ ᠦᠨᠡᠯᠡᠯᠲᠡ ᠶᠢᠨ ᠵᠥᠪᠰᠢᠶᠡᠷᠡᠯ ᠤᠨ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠳᠤ ᠪᠠᠨ ᠣᠷᠣᠨ ᠲᠣᠭᠠᠲᠤ ᠨᠢᠭᠡᠴᠢ ᠶᠢᠨ ᠦᠨᠡᠨᠴᠢ ᠢᠲᠡᠭᠡᠮᠵᠢ ᠶᠢᠨ ᠲᠠᠩᠰᠠ ᠶᠢ ᠨᠢᠭᠡᠳ ᠨᠢᠭᠡ ᠪᠠᠷ ᠪᠠᠶᠢᠴᠠᠭᠠᠨ ᠯᠠᠪᠯᠠᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ︵ᠬᠦᠰᠦᠨᠦᠭᠲᠦ︶ ᠢ ︽ᠬᠠᠷ᠎ᠠ ᠲᠠᠩᠰᠠ︾ ᠳᠤ ᠵᠢᠭᠰᠠᠭᠠᠨ ᠣᠷᠣᠭᠤᠯᠤᠭᠰᠠᠨ ᠪᠤᠶᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠵᠠᠰᠠᠬᠤ ᠨᠡᠷᠡᠰ ᠲᠤ ᠵᠢᠭᠰᠠᠭᠠᠨ ᠣᠷᠣᠭᠤᠯᠤᠭᠰᠠᠨ ᠢ ᠢᠯᠡᠷᠡᠭᠦᠯᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃ 2024 ᠣᠨ ᠠᠴᠠ ᠨᠠᠭᠠᠰᠢ ᠨᠡᠶᠢᠳᠡ 7 ᠲᠥᠰᠥᠯ ᠤᠨ ᠣᠷᠴᠢᠨ ᠲᠣᠭᠤᠷᠢᠨ ᠢ ᠨᠥᠯᠥᠭᠡᠯᠡᠬᠦ ᠦᠨᠡᠯᠡᠯᠲᠡ ᠶᠢᠨ ᠮᠡᠳᠡᠭᠦᠯᠦᠯᠲᠡ ᠶᠢᠨ ᠵᠢᠷᠤᠮᠵᠢᠯ ᠤᠨ ᠴᠢᠨᠠᠷᠲᠠᠢ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃

ᠭᠤᠷᠪᠠ ᠳᠤ ᠣᠷᠴᠢᠨ ᠲᠣᠭᠤᠷᠢᠨ ᠤ ᠢᠲᠡᠭᠡᠮᠵᠢ ᠶᠢᠨ ᠦᠨᠡᠯᠡᠯᠲᠡ ᠶᠢ ᠯᠠᠪᠳᠠᠭᠤᠨ ᠪᠠᠲᠤᠲᠠᠢ ᠦᠷᠨᠢᠭᠦᠯᠪᠡ᠃ ︽ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠭᠠᠳᠠᠭᠰᠢᠯᠠᠭᠤᠯᠬᠤ ᠨᠢᠭᠡᠴᠢ ᠶᠢᠨ ᠠᠮᠢ ᠠᠬᠤᠢ ᠣᠷᠴᠢᠨ ᠲᠣᠭᠤᠷᠢᠨ ᠤ ᠢᠲᠡᠭᠡᠮᠵᠢ ᠶᠢ ᠦᠨᠡᠯᠡᠬᠦ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠳᠠᠭᠢ ᠡᠲᠡᠭᠡᠳ ᠤᠨ ᠠᠮᠢ ᠠᠬᠤᠢ ᠣᠷᠴᠢᠨ ᠲᠣᠭᠤᠷᠢᠨ ᠤ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢ ᠦᠨᠡᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ 2023 ᠣᠨ ᠤ ᠪᠣᠬᠢᠷᠲᠤᠯ ᠭᠠᠳᠠᠭᠰᠢᠯᠠᠭᠤᠯᠬᠤ ᠨᠢᠭᠡᠴᠢ᠂ ᠭᠤᠷᠪᠠᠳᠠᠭᠢ ᠡᠲᠡᠭᠡᠳ ᠤᠨ ᠠᠮᠢ ᠠᠬᠤᠢ ᠣᠷᠴᠢᠨ ᠲᠣᠭᠤᠷᠢᠨ ᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠢ ᠠᠬᠤᠢ ᠣᠷᠴᠢᠨ ᠲᠣᠭᠤᠷᠢᠨ ᠤ ᠢᠲᠡᠭᠡᠮᠵᠢ ᠶᠢ ᠦᠨᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠣᠳᠣᠬᠠᠨ ᠳᠤ ᠴᠥᠮ ᠠᠩᠬᠠᠨ ᠤ ᠦᠨᠡᠯᠡᠯᠲᠡ ᠶᠢ ᠪᠡᠶᠡᠯᠡᠭᠦᠯᠦᠭᠰᠡᠨ ᠪᠥᠭᠡᠳ ᠦᠷ᠎ᠡ ᠳ᠋ᠦᠩ ᠢ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠦᠯᠵᠢᠶᠡᠨ ᠳᠤ ᠵᠠᠷᠯᠠᠨ ᠨᠡᠶᠢᠲᠡᠯᠡᠪᠡ᠃

ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠦᠨᠳᠦᠰᠦᠯᠡᠨ᠂ ᠵᠦᠷᠢᠶᠡᠴᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠣᠯᠠᠨ ᠲᠦᠮᠡᠨ ᠤ ᠣᠷᠴᠢᠨ ᠲᠣᠭᠤᠷᠢᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ