ᠮᠠᠨ ᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2024/5/7

     ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠲᠣᠰ ᠲᠣᠪᠴᠢᠶ᠎ᠠ ︽ᠨᠢᠭᠤᠴᠠ ᠶᠢ ᠬᠠᠮᠠᠭᠠᠯᠠᠬᠤ ᠬᠠᠤᠯᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠢᠳᠡ ᠪᠦᠭᠦᠳᠡᠭᠡᠷ ᠨᠢᠭᠤᠴᠠ ᠶᠢ ᠬᠠᠮᠠᠭᠠᠯᠠᠭᠴᠢ ᠮᠥᠨ︾ ᠭᠡᠬᠦ ᠰᠡᠳᠦᠪ ᠤᠨ ᠲᠣᠭᠤᠷᠢᠨ ᠳᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠪᠥᠬᠦ ᠣᠷᠣᠨ ᠤ ᠡᠯ᠎ᠡ ᠭᠠᠵᠠᠷ ᠲᠤ ᠣᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ᠂ ᠭᠦᠨ ᠲᠠᠰ ᠳᠠᠪᠬᠤᠷᠭ᠎ᠠ ᠲᠠᠢ ᠥᠷᠨᠢᠭᠦᠯᠵᠦ᠂ ᠨᠢᠭᠤᠴᠠ ᠶᠢ ᠬᠠᠮᠠᠭᠠᠯᠠᠬᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠵᠦ᠂ ᠤᠯᠤᠰ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠵᠤ ᠪᠣᠢ᠃

     ᠣᠶᠢᠯᠠᠭᠠᠭᠰᠠᠨ ᠢᠶᠠᠷ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ ᠶᠢᠨ ᠠᠵᠢᠯᠯᠠᠭ᠎ᠠ ᠶᠢ ᠰᠠᠶᠢᠲᠤᠷ ᠡᠷᠬᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠤᠷᠢᠳᠴᠢᠯᠠᠨ ᠪᠠᠶᠢᠷᠢᠯᠠᠭᠤᠯᠵᠤ᠂ ᠤᠬᠠᠭᠤᠯᠬᠤ ᠬᠡᠪᠴᠢᠶ᠎ᠡ ᠶᠢᠨ ᠲᠠᠯ᠎ᠠ ᠪᠠᠷ ︽ᠥᠷᠭᠡᠨ︾ ᠪᠠᠶᠢᠬᠤ ᠣᠨᠴᠠᠯᠢᠭ ᠢ ᠳᠣᠪᠤᠶᠢᠯᠭᠠᠵᠤ᠂ ︽ᠰᠣᠨᠢᠨ᠂ ᠰᠦᠯᠵᠢᠶ᠎ᠡ᠂ ᠦᠵᠦᠭᠦᠷ᠂ ᠸᠢᠴᠠᠲ᠂ ᠳᠡᠯᠭᠡᠴᠡ︾ ᠵᠡᠷᠭᠡ ᠵᠠᠭᠤᠴᠢᠯᠠᠭᠤᠷ ᠤᠳ ᠢ ᠠᠰᠢᠭᠯᠠᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠤᠬᠠᠭᠤᠯᠭ᠎ᠠ ᠶᠢᠨ ᠬᠤᠶᠠᠷ ᠵᠢᠭᠰᠠᠭᠠᠯ ᠤᠨ ᠭᠠᠵᠠᠷ ᠢ ᠪᠠᠶᠢᠭᠤᠯᠵᠤ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠶᠢᠨ ᠹᠢᠯᠢᠮ ᠢ ᠨᠠᠪᠲᠠᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠵᠠᠷᠯᠠᠯ ᠨᠡᠶᠢᠲᠡᠯᠡᠵᠦ᠂ ᠤᠬᠠᠭᠤᠯᠭ᠎ᠠ ᠶᠢᠨ ᠵᠣᠬᠢᠶᠠᠯ ᠪᠢᠴᠢᠵᠦ᠂ ᠬᠤᠲᠠ ᠶᠢᠨ ᠲᠠᠯᠠᠪᠠᠶ᠂ ᠨᠡᠶᠢᠲᠡ ᠶᠢᠨ ᠮᠠᠰᠢᠨ᠂ ᠬᠤᠳᠠᠯᠳᠤᠭᠠᠨ ᠤ ᠲᠠᠯᠠᠪᠤᠷ᠂ ᠪᠠᠶᠢᠭᠤᠯᠭ᠎ᠠ ᠨᠢᠭᠡᠴᠢ ᠶᠢᠨ LED ᠳᠡᠯᠭᠡᠴᠡ ᠳᠡᠭᠡᠷ᠎ᠡ ᠨᠢᠭᠤᠴᠠ ᠶᠢ ᠬᠠᠮᠠᠭᠠᠯᠠᠬᠤ ᠬᠥᠮᠦᠵᠢᠯ ᠤᠨ ᠤᠬᠠᠭᠤᠯᠭ᠎ᠠ ᠶᠢᠨ ᠤᠷᠢᠶ᠎ᠠ ᠶᠢ ᠦᠷᠭᠦᠯᠵᠢᠯᠡᠨ ᠨᠠᠪᠲᠠᠷᠡᠭᠦᠯᠵᠦ᠂ ︽ᠨᠢᠭᠤᠴᠠ ᠶᠢ ᠬᠠᠮᠠᠭᠠᠯᠠᠬᠤ ᠠᠵᠢᠯ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠭᠡᠬᠦ ᠦᠵᠡᠯᠲᠡ ᠶᠢ ᠬᠥᠮᠥᠰ ᠤᠨ ᠰᠡᠳᠬᠢᠯ ᠳᠤ ᠨᠢ ᠬᠠᠳᠠᠩᠰᠢᠭᠤᠯᠪᠠ᠃ ᠡᠭᠦᠨ ᠤ ᠬᠠᠮᠲᠤ᠂ ᠪᠥᠬᠦ ᠣᠷᠣᠨ ᠤ ᠡᠯ᠎ᠡ ᠭᠠᠵᠠᠷ ᠤᠨ ᠬᠢᠨ ᠴᠦ ᠣᠯᠠᠨ ᠡᠰᠢᠴᠢᠯᠡᠭᠰᠡᠨ ᠤᠬᠠᠭᠤᠯᠭ᠎ᠠ ᠬᠥᠮᠦᠵᠢᠯ ᠤᠨ ᠠᠵᠢᠯ ᠢ ᠢᠳᠡᠪᠬᠢᠲᠡᠢ ᠥᠷᠨᠢᠭᠦᠯᠵᠦ᠂ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠢ ᠪᠠᠶᠢᠭᠤᠯᠭ᠎ᠠ ᠨᠢᠭᠡᠴᠢ ᠳᠤ᠂ ᠠᠵᠤ ᠠᠬᠤᠶᠢᠯᠠᠯ ᠳᠤ᠂ ᠰᠤᠷᠭᠠᠭᠤᠯᠢ ᠳᠤ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠶᠢ ᠠᠬᠢᠭᠤᠯᠵᠤ᠂ ᠨᠢᠭᠤᠴᠠ ᠶᠢ ᠬᠠᠮᠠᠭᠠᠯᠠᠬᠤ ᠶᠢ ᠰᠤᠷᠬᠤ᠂ ᠨᠢᠭᠤᠴᠠ ᠶᠢ ᠬᠠᠮᠠᠭᠠᠯᠠᠬᠤ ᠶᠢ ᠮᠡᠳᠡᠬᠦ᠂ ᠨᠢᠭᠤᠴᠠ ᠶᠢ ᠬᠠᠮᠠᠭᠠᠯᠠᠵᠤ ᠴᠢᠳᠠᠬᠤ ᠬᠥᠭᠵᠢᠶᠡᠨᠲᠦ ᠪᠠᠶᠢᠳᠠᠯ ᠢ ᠪᠣᠶ ᠪᠣᠯᠭᠠᠪᠠ᠃

     ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠣᠨᠣᠪᠴᠢ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ ᠨᠢ ᠪᠠᠶᠢᠭᠤᠯᠭ᠎ᠠ᠂ ᠠᠵᠤ ᠠᠬᠤᠶᠢᠯᠠᠯ᠂ ᠰᠤᠷᠭᠠᠭᠤᠯᠢ ᠵᠡᠷᠭᠡ ᠠᠳᠠᠯᠢ ᠪᠤᠰᠤ ᠭᠥᠯᠢᠶᠡᠨ ᠠᠪᠤᠭᠴᠢᠳ ᠲᠤ ᠴᠢᠭᠯᠡᠭᠦᠯᠦᠨ᠂ ᠠᠳᠠᠯᠢ ᠪᠤᠰᠤ ᠬᠡᠯᠪᠡᠷᠢ ᠶᠢᠨ ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠪᠡ᠃ ᠲᠤᠰ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠠᠤᠯᠢ ᠴᠠᠭᠠᠵᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ᠂ ᠤᠯᠠᠭᠠᠨᠴᠠᠪ ᠬᠤᠳᠠ ᠶᠢᠨ ᠰᠠᠨᠰᠢᠶᠠ ᠬᠠᠭᠤᠷᠠᠢ ᠳᠡᠭᠡᠷᠡᠬᠢ ᠰᠢᠨ᠎ᠡ ᠡᠨᠧᠷᠭᠢ ᠶᠢᠨ ᠶᠡᠷᠦᠩᠬᠡᠢ ᠬᠡᠯᠲᠡᠰ ᠲᠤ 2024 ᠣᠨ ᠤ ︽ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠠᠵᠤ ᠠᠬᠤᠶᠢᠯᠠᠯ ᠤᠨ ᠠᠶᠠᠯᠠᠯ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠵᠤ᠂ ᠨᠢᠭᠤᠴᠠ ᠶᠢ ᠬᠠᠮᠠᠭᠠᠯᠠᠬᠤ ᠤᠬᠠᠭᠤᠯᠤᠨ ᠲᠠᠶᠢᠯᠪᠤᠷᠢᠯᠠᠭᠴᠢ ᠲᠤᠬᠠᠢ ᠶᠢᠨ ᠲᠠᠯᠠᠪᠠᠢ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢ ᠲᠠᠶᠢᠯᠪᠤᠷᠢᠯᠠᠪᠠ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠨᠢᠭᠡᠴᠢ ᠨᠦᠭᠦᠳ ᠲᠠᠢ ᠬᠠᠮᠲᠤᠷᠠᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠳᠤ ︽ᠵᠠᠯᠠᠭᠤ ᠨᠠᠰᠤᠨ ᠤ ᠴᠤᠭᠯᠠᠷᠠᠯ  ᠠᠮᠤᠷ ᠲᠦᠪᠰᠢᠨ ᠤᠮᠠᠷᠠᠲᠤ ᠬᠢᠯᠢ︾ ᠵᠡᠷᠭᠡ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠨᠤᠭᠤᠳ ᠢ ᠥᠷᠨᠢᠭᠦᠯᠵᠦ᠂ ᠰᠤᠷᠭᠠᠭᠤᠯᠢ ᠶᠢᠨ ᠨᠢᠭᠤᠴᠠ ᠶᠢ ᠬᠠᠮᠠᠭᠠᠯᠠᠬᠤ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ᠨᠢᠭᠤᠴᠠ ᠶᠢ ᠬᠠᠮᠠᠭᠠᠯᠠᠬᠤ ᠠᠮᠤᠷ ᠲᠦᠪᠰᠢᠨ ᠤ ᠬᠢᠴᠢᠶᠡᠯ ᠲᠣᠬᠢᠷᠠᠭᠤᠯᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠵᠢᠯ ᠤᠨ ᠠᠯᠪᠠᠨ ᠭᠡᠷ ᠲᠠᠢ ᠬᠠᠮᠲᠤᠷᠠᠨ ᠶᠢᠰᠦᠳᠡᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠭᠤᠣᠯ ᠲᠠᠯᠠᠪᠤᠷ ᠤᠨ ᠠᠵᠢᠯᠯᠠᠭ᠎ᠠ ᠶᠢ ᠡᠷᠭᠢᠯᠡᠵᠦ᠂ ᠨᠡᠶᠢᠭᠡᠮ ᠨᠡᠶᠢᠲᠡ ᠳᠤ ᠤᠬᠠᠭᠤᠯᠭ᠎ᠠ ᠶᠢᠨ ᠬᠠᠭᠤᠳᠠᠰᠤ ᠪᠠ ᠨᠢᠭᠤᠴᠠ ᠶᠢ ᠬᠠᠮᠠᠭᠠᠯᠠᠬᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠲᠠᠷᠬᠠᠭᠠᠵᠤ᠂ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ