ᠲᠦᠩᠯᠢᠶᠣᠣ ᠬᠤᠲᠠ ᠶᠢᠨ 1 ᠨᠢᠭᠡᠴᠢ ᠤᠯᠤᠰ ᠤᠨ ᠳᠡᠰ ᠤᠨ ᠫᠣᠰᠲ ᠳ᠋ᠣᠺᠲ᠋ᠣᠷ ᠤᠨ ᠠᠵᠢᠯ ᠤᠨ ᠥᠷᠲᠡᠭᠡ ᠪᠠᠷ ᠵᠥᠪᠰᠢᠶᠡᠷᠡᠭᠳᠡᠪᠡ
ᠨᠡᠶᠢᠲᠡᠯᠡᠭᠰᠡᠨ ᠴᠠᠭ᠄
2024/6/11

      ᠪᠦᠬᠦ ᠤᠯᠤᠰ ᠤᠨ ᠫᠤᠰᠲ ᠳ᠋ᠣᠺᠲ᠋ᠣᠷ ᠤᠨ ᠬᠠᠮᠢᠶᠠᠷᠤᠯᠲᠠ ᠶᠢᠨ ᠵᠥᠪᠯᠡᠯ ᠤᠨ ᠵᠥᠪᠰᠢᠶᠡᠷᠡᠯ ᠢᠶᠠᠷ᠂ ᠣᠶᠢᠷ᠎ᠠ ᠳᠤ᠂ ᠪᠦᠬᠦ ᠣᠷᠣᠨ ᠤ 11 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠰᠢᠨ᠎ᠡ ᠪᠠᠷ ᠤᠯᠤᠰ ᠤᠨ ᠲᠠᠰ ᠤᠨ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠠᠵᠢᠯ ᠤᠨ ᠥᠷᠲᠡᠭᠡ ᠪᠠᠶᠢᠭᠤᠯᠬᠤ ᠪᠠᠷ ᠵᠥᠪᠰᠢᠶᠡᠷᠡᠭᠳᠡᠪᠡ᠃ ᠡᠭᠦᠨ ᠳᠤ ᠲᠥᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠭᠠᠵᠠᠷ ᠡᠯᠰᠡᠭᠳᠡᠨ ᠵᠥᠪᠰᠢᠶᠡᠷᠡᠭᠳᠡᠪᠡ᠃

     ᠲᠦᠩᠯᠢᠶᠣᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠭᠠᠵᠠᠷ ᠨᠢ ᠲᠤᠰᠬᠠᠶ ᠡᠷᠳᠡᠮ ᠰᠢᠨᠵᠢᠯᠡᠭᠡᠨ ᠤ ᠲᠤᠬᠠᠶᠢᠯᠠᠭᠰᠠᠨ ᠠᠵᠢᠯ ᠤᠨ ᠰᠤᠳᠤᠯᠤᠯ ᠤᠨ ᠲᠠᠰᠤᠭ ᠪᠠ ᠪᠦᠷᠢᠨ ᠲᠡᠭᠦᠯᠳᠡᠷ ᠲᠤᠷᠰᠢᠯᠲᠠ ᠶᠢᠨ ᠨᠥᠬᠦᠴᠡᠯ ᠲᠠᠢ ᠪᠠᠶᠢᠵᠤ᠂ ᠣᠷᠳᠣ ᠬᠤᠭᠤᠴᠠᠭ᠎ᠠ ᠪᠠᠷ ᠣᠯᠠᠨ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠲᠠᠢ ᠲᠠᠷᠢᠮᠠᠯ ᠤᠨ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠥᠨᠳᠥᠷ ᠤᠨᠠᠯᠲᠠᠲᠤ ᠥᠨᠳᠥᠷ ᠪᠦᠲᠦᠮᠵᠢᠲᠡᠶ ᠪᠠᠷ ᠪᠤᠶᠢᠵᠢᠭᠤᠯᠬᠤ᠂ ᠮᠠᠯ ᠡᠮᠨᠡᠯᠭᠡ᠂ ᠲᠡᠵᠢᠭᠡᠯ ᠡᠪᠡᠰᠦᠨ ᠤ ᠮᠡᠷᠭᠡᠵᠢᠯ ᠤᠨ ᠰᠤᠳᠤᠯᠤᠯ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠶᠢᠭᠤᠯᠪᠠ᠃ ᠲᠤᠰ ᠭᠠᠵᠠᠷ ᠨᠢ ᠣᠷᠣᠨ ᠨᠤᠲᠤᠭ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠡᠭᠦᠷᠭᠡ ᠪᠠᠨ ᠪᠣᠯᠭᠠᠵᠤ᠂ ᠬᠤᠰᠢᠭᠤᠴᠢ ᠴᠢᠨᠠᠷᠲᠠᠶ ᠴᠢᠬᠤᠯᠠ ᠶᠡᠭᠡ ᠠᠰᠠᠭᠤᠳᠠᠯ ᠳᠤ ᠴᠢᠭᠯᠡᠭᠦᠯᠦᠨ ᠭᠤᠤᠯᠳᠠᠯᠭ᠎ᠠ ᠲᠠᠢ ᠡᠷᠳᠡᠮ ᠰᠢᠨᠵᠢᠯᠡᠭᠡᠨ ᠤ ᠬᠠᠮᠲᠤᠷᠠᠭᠰᠠᠨ ᠰᠢᠪᠲᠤᠯᠤᠯᠲᠠ ᠬᠢᠵᠦ᠂ ᠪᠥᠬᠦ ᠤᠯᠤᠰ ᠤᠨ ᠲᠠᠷᠢᠶᠠᠯᠠᠩ ᠮᠠᠯ ᠠᠵᠤ ᠠᠬᠤᠶ ᠶᠢᠨ ᠡᠯᠪᠡᠭ ᠬᠤᠷᠢᠶᠠᠯᠲᠠ ᠶᠢᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠵᠢᠴᠢ ᠲᠦᠩᠯᠢᠶᠣᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠵᠡᠷᠭᠡ ᠶᠢ ᠣᠯᠠᠨᠲᠠ ᠭᠥᠷᠳᠡᠵᠦ᠂ ᠠᠵᠢᠯ ᠲᠥᠷᠥᠯ ᠤᠨ ᠬᠦᠷᠢᠶᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠪᠠ ᠠᠵᠤ ᠠᠬᠤᠶ ᠶᠢᠨ ᠨᠡᠮᠡᠭᠳᠡᠯ ᠤᠨ ᠴᠡᠭ ᠢ ᠪᠤᠶᠢᠵᠢᠭᠤᠯᠬᠤ ᠲᠠᠯ᠎ᠠ ᠪᠠᠷ ᠴᠢᠬᠤᠯᠠ ᠬᠤᠪᠢ ᠨᠡᠮᠡᠷᠢ ᠦᠵᠡᠭᠦᠯᠪᠡ᠃

    ᠫᠤᠰᠲ ᠳ᠋ᠣᠺᠲ᠋ᠣᠷ ᠤᠨ ᠠᠵᠢᠯ ᠤᠨ ᠥᠷᠲᠡᠭᠡ ᠪᠣᠯ ᠮᠠᠨ ᠤ ᠬᠤᠲᠠ ᠶᠢᠨ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠳ ᠢ ᠣᠷᠤᠭᠤᠯᠤᠨ ᠠᠪᠴᠢᠷᠠᠬᠤ᠂ ᠡᠷᠳᠡᠮ ᠰᠢᠨᠵᠢᠯᠡᠭᠡᠨ ᠤ ᠡᠩᠨᠡᠭᠡ ᠶᠢ ᠪᠤᠶᠢᠵᠢᠭᠤᠯᠬᠤ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠪᠠᠶᠢᠭᠤᠯᠬᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠪᠦᠲᠦᠮᠵᠢᠲᠡᠶ ᠤᠶᠠᠯᠳᠤᠯ ᠢ ᠠᠬᠢᠭᠤᠯᠬᠤ᠂ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠴᠢᠬᠤᠯᠠ ᠬᠤᠰᠢᠭᠤᠷᠠᠯ ᠪᠠ ᠲᠠᠪᠴᠠᠩ ᠪᠠᠶᠢᠵᠤ᠂ ᠮᠠᠨ ᠤ ᠬᠤᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠦᠢᠯᠡᠳᠦᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠫᠤᠰᠲ ᠳ᠋ᠣᠺᠲ᠋ᠣᠷ ᠤᠨ ᠴᠢᠳᠠᠪᠤᠷᠢᠲᠠᠨ ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠪᠠᠨ ᠡᠷᠴᠢᠮᠵᠢᠭᠦᠯᠵᠦ᠂ ᠬᠤᠯᠪᠣᠭᠳᠠᠯ ᠪᠥᠬᠦᠶ ᠮᠥᠷᠳᠡᠨ ᠦᠢᠯᠡᠴᠢᠯᠡᠭᠡ ᠪᠠᠨ ᠦᠷᠭᠦᠯᠵᠢᠯᠡᠨ ᠥᠷᠨᠢᠭᠦᠯᠵᠦ᠂ ᠦᠢᠯᠡᠴᠢᠯᠡᠭᠡᠨ ᠤ ᠣᠷᠴᠢᠨ ᠨᠦᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠳᠤ ᠨᠠᠩ ᠣᠯᠠᠨ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠳ ᠢ ᠣᠷᠣᠭᠤᠯᠣᠨ ᠠᠪᠴᠢᠷᠠᠵᠤ ᠬᠦᠮᠦᠵᠢᠭᠦᠯᠦᠨ᠎ᠡ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ