|
ᠣᠷᠳᠣᠰ ᠬᠤᠲᠠ ᠣᠯᠠᠨ ᠠᠷᠭ᠎ᠠ ᠬᠡᠮᠵᠢᠶ᠎ᠡ ᠪᠠᠷ ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠪᠠ |
|
|
ᠨᠡᠶᠢᠲᠡᠯᠡᠭᠰᠡᠨ ᠴᠠᠭ᠄
2024/6/12
|
|
ᠠᠵᠤ ᠠᠬᠤᠶᠢᠯᠠᠯ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠬᠦ ᠶᠢᠨ ᠲᠥᠯᠥᠭᠡ᠂ ᠣᠷᠳᠣᠰ ᠬᠤᠲᠠ ᠠᠵᠢᠯ ᠢᠶᠠᠨ ᠤᠯᠠᠮ ᠨᠢᠭᠡ ᠠᠯᠬᠤᠮ ᠡᠷᠴᠢᠮᠵᠢᠭᠦᠯᠵᠦ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠨᠢᠭᠡ ᠳᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠰᠢᠯᠢᠳᠡᠭᠵᠢᠭᠦᠯᠪᠡ᠃ ︽ᠡᠮᠦᠨ᠎ᠡ ᠲᠠᠪᠴᠠᠩ ᠳᠤ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠬᠤ᠂ ᠨᠢᠭᠡᠳᠦᠯᠲᠡᠶ ᠮᠠᠲ᠋ᠧᠷᠢᠶᠠᠯ ᠭᠠᠷᠭᠠᠬᠤ︾ ᠪᠢᠲᠡᠭᠦᠦ ᠭᠤᠭᠴᠤᠭ᠎ᠠ ᠬᠡᠯᠪᠡᠷᠢᠲᠦ ᠬᠢᠨᠠᠨ ᠵᠥᠪᠰᠢᠶᠡᠷᠡᠬᠦ ᠵᠠᠭᠪᠤᠷ ᠢ ᠬᠡᠷᠡᠭᠵᠢᠭᠦᠯᠵᠦ᠂ 1.4 ᠲᠦᠮᠡᠨ ᠵᠦᠢᠯ ᠤᠨ ᠣᠷᠣᠵᠤ ᠰᠠᠭᠤᠷᠢᠰᠢᠭᠰᠠᠨ ᠵᠦᠢᠯᠡᠰ ᠢ ᠴᠥᠮ ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠪᠡ᠃ ᠬᠤᠶᠠᠷ ᠲᠤ᠂ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠭᠡᠪᠡ᠃ ᠡᠨᠡ ᠵᠢᠯ ᠠᠴᠠ ᠨᠠᠭᠠᠰᠢ᠂ ᠬᠤᠲᠠ ᠶᠢᠨ 12345 ᠬᠠᠯᠠᠮᠰᠢᠯ ᠤᠲᠠᠰᠤ ᠨᠢᠭᠡᠨᠲᠡ 364807 ᠬᠤᠪᠢ ᠶᠢ ᠭᠥᠯᠢᠶᠡᠨ ᠠᠪᠴᠤ ᠰᠢᠢᠳᠪᠦᠷᠢᠯᠡᠨ᠂ ᠬᠦᠰᠡᠯ ᠱᠠᠭᠠᠷᠳᠠᠯᠭ᠎ᠠ ᠳᠤ ᠬᠠᠷᠢᠭᠤ ᠲᠣᠰᠬᠠᠭᠰᠠᠨ ᠨᠣᠷᠮ᠎ᠠ 100% ᠳᠤ ᠬᠦᠷᠴᠦ᠂ ᠰᠢᠢᠳᠪᠦᠷᠢᠯᠡᠭᠰᠡᠨ ᠨᠣᠷᠮ᠎ᠠ 99.38% ᠳᠤ ᠬᠦᠷᠴᠦ᠂ ᠬᠠᠨᠤᠮᠵᠢ ᠶᠢᠨ ᠨᠣᠷᠮ᠎ᠠ 99.31% ᠳᠤ ᠬᠦᠷᠪᠡ᠃ ᠡᠭᠦᠨ ᠤ ᠬᠠᠮᠲᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷ ︽ᠰᠠᠶᠢᠨ ᠮᠠᠭᠤ ᠦᠨᠡᠯᠡᠯᠲᠡ︾ ᠶᠢᠨ ᠦᠨᠡᠯᠡᠬᠦ ᠠᠷᠭ᠎ᠠ ᠵᠠᠮ ᠢ ᠨᠡᠭᠡᠭᠡᠵᠦ᠂ ᠣᠲᠣ ᠶᠢᠨ ᠪᠠᠶᠢᠭ᠎ᠠ 224710 ᠵᠤᠷᠪᠤᠰ ᠦᠨᠡᠯᠡᠯᠲᠡ ᠶᠢᠨ ᠲᠤᠭ᠎ᠠ ᠪᠠᠷᠢᠮᠲᠠ ᠳᠠᠬᠢ᠂ ᠬᠦᠴᠦᠨ ᠲᠠᠢ ᠮᠠᠭᠤ ᠦᠨᠡᠯᠡᠯᠲᠡ ᠶᠢ 100% ᠪᠠᠷ ᠴᠡᠭᠴᠡᠯᠡᠨ ᠰᠠᠶᠢᠵᠢᠷᠠᠭᠤᠯᠵᠤ᠂ ᠪᠤᠳᠠᠳᠤ ᠨᠡᠷ᠎ᠡ ᠶᠢᠨ ᠮᠠᠭᠤ ᠦᠨᠡᠯᠡᠯᠲᠡ ᠳᠤ 100% ᠪᠠᠷ ᠬᠠᠷᠢᠭᠤ ᠥᠭᠪᠡ᠃ ᠭᠤᠷᠪᠠ ᠳᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠵᠠᠯᠬᠠᠭᠠᠨ ᠴᠡᠭᠡᠷᠯᠡᠭᠦᠯᠬᠦ ᠵᠠᠰᠠᠯᠲᠠ ᠶᠢ ᠴᠢᠩᠭᠠᠷᠠᠭᠤᠯᠪᠠ᠃ ᠬᠠᠤᠯᠢ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠤᠨ ᠮᠡᠳᠡᠭᠡ ᠵᠠᠩᠭᠢ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠵᠢᠴᠢ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠳ ᠤᠨ ᠨᠡᠷᠡᠰ ᠤᠨ ᠵᠢᠭᠰᠠᠭᠠᠯᠲᠠ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠨᠡᠶᠢᠲᠡᠯᠡᠵᠦ᠂ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ᠂ ᠲᠡᠷᠢᠭᠦᠨ ᠤ ᠪᠠ ᠰᠢᠯᠢᠳᠡᠭ ᠢ ᠰᠢᠯᠭᠠᠷᠠᠭᠤᠯᠬᠤ ᠵᠡᠷᠭᠡ ᠲᠠᠯ᠎ᠠ ᠪᠠᠷ ᠬᠢᠵᠠᠭᠠᠷᠯᠠᠬᠤ ᠪᠤᠶᠤ ᠴᠠᠭᠠᠵᠠᠯᠠᠨ᠂ ︽ᠨᠢᠭᠡ ᠲᠠᠯ᠎ᠠ ᠳᠤ ᠬᠠᠤᠯᠢ ᠠᠴᠠ ᠵᠥᠷᠢᠴᠡᠪᠡᠯ᠂ ᠭᠠᠵᠠᠷ ᠪᠣᠯᠭᠠᠨ ᠳᠤ ᠬᠢᠵᠠᠭᠠᠷᠯᠠᠭᠳᠠᠬᠤ︾ ᠶᠢ ᠪᠡᠶᠡᠯᠡᠭᠦᠯᠪᠡ᠃ ᠣᠳᠣᠬᠠᠨ ᠳᠤ᠂ ᠬᠦᠨᠳᠦ ᠨᠣᠴᠢᠲᠠᠶ ᠢᠲᠡᠭᠡᠯ ᠠᠯᠳᠠᠭᠰᠠᠨ ᠭᠤᠤᠯ ᠴᠣᠭᠴᠠ ᠶᠢᠨ 1247 ᠬᠡᠷᠡᠭ᠂ ᠢᠲᠡᠭᠡᠯ ᠠᠯᠳᠠᠭᠰᠠᠨ ᠭᠤᠤᠯ ᠴᠣᠭᠴᠠ 808 ᠨᠢᠭᠡᠴᠢ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢᠨ ᠠᠵᠤ ᠠᠬᠤᠶᠢᠯᠠᠯ 8673 ᠡᠷᠦᠬᠡ ᠶᠢ ᠨᠡᠶᠢᠲᠡᠯᠡᠪᠡ᠃ ᠳᠥᠷᠪᠡ ᠳᠤ᠂ ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠦᠢᠯᠡᠴᠢᠯᠡᠭᠡ ᠶᠢ ᠰᠢᠯᠢᠳᠡᠭᠵᠢᠭᠦᠯᠪᠡ᠃ ᠰᠦᠯᠵᠢᠶᠡᠨ ᠳᠡᠭᠡᠷᠡᠬᠢ ᠢᠲᠡᠭᠡᠮᠵᠢ ᠶᠢ ᠰᠡᠷᠭᠦᠭᠡᠬᠦ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠲᠣᠭᠲᠠᠭᠠᠬᠤ ᠶᠢᠨ ᠬᠠᠮᠲᠤ ᠢᠯᠡ ᠨᠡᠶᠢᠲᠡᠯᠡᠵᠦ᠂ ᠡᠵᠡᠩᠨᠡᠯᠲᠡ ᠶᠢᠨ ᠭᠤᠤᠯ ᠴᠣᠭᠴᠠ ᠶᠢᠨ ᠰᠠᠨᠠᠭᠠᠴᠢᠯᠠᠭ᠎ᠠ ᠠᠴᠠ ᠪᠠᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠢᠲᠡᠭᠡᠮᠵᠢ ᠪᠠᠨ ᠰᠡᠷᠭᠦᠭᠡᠬᠦ ᠶᠢ ᠨᠢ ᠬᠥᠲᠦᠯᠦᠨ ᠵᠢᠯᠣᠭᠤᠳᠪᠠ᠃ ᠡᠨᠡ ᠵᠢᠯ᠂ ︽ᠢᠲᠡᠭᠡᠮᠵᠢ ᠶᠢ ᠰᠡᠷᠭᠦᠭᠡᠬᠦ ᠮᠡᠳᠡᠭᠳᠡᠯ ᠤᠨ ᠪᠢᠴᠢᠭ︾ ᠢ ᠨᠡᠶᠢᠲᠡ 77 ᠬᠤᠪᠢ ᠬᠦᠷᠭᠡᠵᠦ᠂ ᠡᠵᠡᠩᠨᠡᠯᠲᠡ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ 3110 ᠡᠷᠦᠬᠡ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠳ ᠢ 215 ᠬᠥᠮᠦᠨ ᠤᠳᠠᠭ᠎ᠠ ᠲᠤᠰ ᠲᠤᠰ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠵᠤ᠂ 3000 ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠬᠦᠴᠦᠨ ᠥᠬᠡᠶ ᠪᠣᠯᠭᠠᠵᠤ᠂ 2133 ᠠᠵᠤ ᠠᠬᠤᠶᠢᠯᠠᠯ ᠢᠲᠡᠭᠡᠮᠵᠢ ᠪᠠᠨ ᠰᠡᠷᠭᠦᠭᠡᠪᠡ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|