ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠭᠤᠯᠪᠠ  ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/6/14


      6 ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠶᠡᠷᠦᠩᠬᠡᠢ ᠱᠦᠵᠢ ᠰᠢ  ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ ᠂ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ 28 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ ᠂ ᠠᠷᠭ᠎ᠠ ᠬᠡᠮᠵᠢᠶ᠎ᠡ ᠶᠢ ᠪᠣᠳᠠᠲᠠᠢ ᠶᠠᠪᠤᠳᠠᠯ ᠳᠤ ᠨᠠᠶᠢᠳᠠᠪᠤᠷᠢᠵᠢᠭᠤᠯᠵᠤ ᠂ ᠬᠠᠷᠢᠭᠤᠴᠠᠯᠭ᠎ᠠ ᠶᠢ ᠪᠣᠳᠠᠲᠠᠢ ᠬᠥᠮᠥᠨ ᠳᠤ ᠳᠠᠭᠠᠭᠠᠯᠭᠠᠵᠤ ᠂ ᠪᠠᠲᠤᠯᠠᠭ᠎ᠠ ᠶᠢ ᠭᠦᠢᠴᠡᠳ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃

      ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠣᠯᠣᠨ ᠤᠯᠤᠰ ᠤᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ ᠂ ᠴᠢᠩᠭ᠎ᠠ ᠠᠴᠠ ᠴᠢᠩᠭ᠎ᠠ ᠴᠡᠭᠴᠡᠯᠡᠨ ᠰᠠᠶᠢᠵᠢᠷᠠᠭᠤᠯᠵᠤ ᠂ ᠪᠡᠶᠡᠯᠡᠭᠦᠯᠦᠭᠰᠡᠨ ᠢ ᠨᠢ ︽ ᠡᠷᠭᠢᠨ ᠬᠠᠷᠠᠵᠤ ︾ ᠂ ᠪᠡᠶᠡᠯᠡᠭᠦᠯᠵᠦ ᠳᠡᠶᠢᠯᠦᠭᠡᠳᠦᠢ ᠨᠢ ᠲᠣᠭᠲᠠᠭᠰᠠᠨ ᠬᠤᠭᠤᠴᠠᠭᠠᠨ ᠳᠤ ᠲᠠᠩᠰᠠ ᠲᠤᠰᠢᠶᠠᠵᠤ ᠂ ᠶᠠᠭᠠᠬᠢᠭᠰᠠᠨ ᠴᠤ ᠬᠠᠰᠢ ᠶᠠᠰᠢ ᠪᠠᠷ ᠥᠩᠭᠡᠷᠡᠭᠦᠯᠵᠦ ᠪᠤᠯᠬᠤ ᠦᠭᠡᠢ ᠃ ᠨᠢᠭᠡ ᠠᠴᠠ ᠨᠥᠭᠦᠭᠡ ᠶᠢ ᠵᠦᠢᠴᠢᠯᠡᠨ ᠮᠡᠳᠡᠬᠦ ᠶᠢ ᠴᠢᠩᠭᠠᠳᠬᠠᠵᠤ ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠶᠢ ᠪᠠᠶᠢᠩᠭᠤ ᠥᠷᠨᠢᠭᠦᠯᠵᠦ ᠂ ᠠᠵᠢᠯ ᠬᠤᠪᠢᠶᠠᠨ ᠬᠠᠷᠢᠭᠤᠴᠠᠵᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠬᠤ ᠬᠡᠷᠡᠭᠲᠡᠢ ᠃ ᠴᠢᠳᠠᠪᠤᠷᠢ ᠪᠠᠨ ᠳᠡᠭᠡᠭᠰᠢᠯᠡᠭᠦᠯᠵᠦ ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ ᠂ ᠦᠨᠡᠨ ᠬᠦ ᠪᠣᠯᠪᠠᠰᠤᠷᠠᠵᠤ ᠂ ᠦᠨᠡᠨ ᠬᠦ ᠪᠠᠴᠢᠮ ᠪᠠᠶᠢᠳᠠᠯ ᠢ ᠠᠷᠭᠠᠴᠠᠭᠠᠬᠤ ᠶᠢ ᠪᠡᠶᠡᠯᠡᠭᠦᠯᠬᠦ ᠬᠡᠷᠡᠭᠲᠡᠢ ᠃ ᠭᠡᠮ ᠰᠣᠭᠤᠭ ᠢ ᠪᠠᠶᠢᠴᠠᠭᠠᠬᠤ ᠠᠵᠢᠯ ᠢ ᠭᠡᠳᠡᠷᠭᠦ ᠪᠠᠶᠢᠴᠠᠭᠠᠬᠤ ᠲᠤᠰᠬᠠᠢ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠵᠦ ᠂  ᠭᠡᠮ ᠰᠣᠭᠤᠭ ᠢ ᠢᠯᠡᠷᠡᠭᠦᠯᠵᠦ ᠳᠡᠶᠢᠯᠦᠭᠰᠡᠨ ᠦᠭᠡᠢ ᠂ ᠭᠡᠮ ᠰᠣᠭᠤᠭ ᠢ ᠢᠯᠡᠷᠡᠭᠦᠯᠦᠭᠰᠡᠨ ᠪᠠᠶᠢᠲᠠᠯ᠎ᠠ ᠪᠠᠨ ᠮᠡᠳᠡᠭᠦᠯᠦᠭᠰᠡᠨ ᠦᠭᠡᠢ ᠵᠡᠷᠭᠡ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ ᠃

      ᠬᠤᠷᠠᠯ ᠠᠴᠠ ᠪᠦᠭᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠬᠢᠨᠠᠨ ᠪᠣᠳᠣᠯᠲᠠ ᠶᠢ ᠲᠤᠰᠬᠠᠢ ᠴᠡᠭᠴᠡᠯᠡᠨ ᠰᠠᠶᠢᠵᠢᠷᠠᠭᠤᠯᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠮᠠᠨ ᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ ᠂ ᠤᠯᠤᠰ ᠲᠥᠷᠥ ᠶᠢ ᠡᠷᠭᠢᠮᠯᠡᠭᠦ ᠥᠨᠳᠥᠷᠴᠡ ᠠᠴᠠ ᠬᠠᠷᠢᠭᠤ ᠲᠤᠰᠬᠠᠭᠰᠠᠨ ᠰᠠᠨᠠᠯ ᠢ ᠴᠢᠩ ᠦᠨᠡᠨᠴᠢ ᠪᠠᠷ ᠭᠥᠯᠢᠶᠡᠨ ᠠᠪᠴᠤ ᠂ ᠦᠵᠡᠯ ᠰᠠᠨᠠᠭᠠᠨ ᠤ ᠲᠠᠯ᠎ᠠ ᠠᠴᠠ ᠦᠨᠳᠦᠰᠦ ᠰᠤᠷᠪᠤᠯᠵᠢ ᠶᠢ ᠡᠷᠢᠵᠦ ᠂ ᠠᠵᠢᠯ ᠤᠨ ᠲᠠᠯ᠎ᠠ ᠠᠴᠠ ᠵᠥᠷᠢᠶ᠎ᠡ ᠪᠠᠨ ᠡᠷᠢᠵᠦ ᠂ ᠨᠠᠷᠢᠨ ᠬᠢᠨᠠᠮᠠᠭᠠᠢ ᠂ ᠨᠣᠮᠣᠬᠠᠨ ᠰᠢᠳᠤᠷᠭᠤ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠃ ᠲᠠᠩᠰᠠ ᠲᠤᠰᠢᠶᠠᠬᠤ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ ᠳᠡᠶᠢᠯᠭᠦ ᠶᠢ ᠨᠢ ᠱᠠᠯᠠᠪᠳᠠᠨ ᠴᠡᠭᠴᠡᠯᠡᠨ ᠰᠠᠶᠢᠵᠢᠷᠠᠭᠤᠯᠵᠤ ᠂ ᠦᠷᠭᠦᠯᠵᠢᠳᠡ ᠠᠬᠢᠭᠤᠯᠵᠤ ᠪᠠᠶᠢᠭ᠎ᠠ ᠶᠢ ᠨᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠬᠡᠷᠡᠭᠲᠡᠢ ᠃ ᠬᠢᠨᠠᠨ ᠪᠣᠳᠣᠯᠲᠠ ᠶᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠭᠢᠶᠠᠯ ᠪᠤᠯᠭᠠᠵᠤ ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ ᠂ ᠨᠠᠷᠢᠯᠢᠭ ᠬᠠᠮᠢᠶᠠᠷᠤᠯᠲᠠ ᠶᠢ ᠴᠢᠩᠭᠠᠳᠬᠠᠵᠤ ᠂ ᠦᠩᠭᠡᠨ ᠲᠠᠯ᠎ᠠ ᠶᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠠᠴᠠ  ᠨᠢ ᠴᠤ ᠵᠠᠰᠠᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠡᠮᠨᠡᠬᠦ ᠰᠢᠰᠲ᠋ᠧᠮ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠨ ᠂ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠣᠯᠠᠨ ᠲᠦᠮᠡᠨ ᠤ ︽ ᠡᠪᠡᠳᠴᠢᠨ ᠦᠵᠡᠭᠦᠯᠭᠦ ᠳᠤ ᠬᠦᠴᠢᠷᠲᠡᠢ ᠂ ᠡᠪᠡᠳᠴᠢᠨ ᠦᠵᠡᠭᠦᠯᠭᠦ ᠳᠤ ᠦᠨᠡᠲᠡᠢ ︾ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ