ᠸᠠᠩ ᠯᠢ ᠰᠢᠶᠠ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2024/6/17

      ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ᠨᠠᠷᠢᠨ ᠬᠢᠨᠠᠮᠠᠭᠠᠢ ᠪᠠᠷ ᠰᠠᠬᠢᠯᠭ᠎ᠠ ᠪᠠᠲᠤ ᠶᠢ ᠰᠤᠷᠤᠯᠴᠠᠵᠤ᠂ ᠪᠦᠭᠦ ᠲᠠᠯ᠎ᠠ ᠪᠠᠷ ᠰᠠᠬᠢᠯᠭ᠎ᠠ ᠪᠠᠲᠤ ᠶᠢ ᠣᠶᠢᠯᠠᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠪᠠᠲᠤ ᠰᠠᠬᠢᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠡᠷᠡᠰ ᠪᠠᠲᠤ ᠬᠠᠮᠠᠭᠠᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠣᠶ᠎ᠠ︾ ᠭᠡᠬᠦ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃

W020240615287049934768_ORIGIN.jpgᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ᠨᠠᠷᠢᠨ ᠬᠢᠨᠠᠮᠠᠭᠠᠢ ᠪᠠᠷ ᠰᠠᠬᠢᠯᠭ᠎ᠠ ᠪᠠᠲᠤ ᠶᠢ ᠰᠤᠷᠤᠯᠴᠠᠵᠤ᠂ ᠪᠦᠭᠦ ᠲᠠᠯ᠎ᠠ ᠪᠠᠷ ᠰᠠᠬᠢᠯᠭ᠎ᠠ ᠪᠠᠲᠤ ᠶᠢ ᠣᠶᠢᠯᠠᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ ᠰᠠᠬᠢᠯᠭ᠎ᠠ ᠪᠠᠲᠤ ᠶᠢ ᠪᠠᠲᠤ ᠰᠠᠬᠢᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠡᠷᠡᠰ ᠪᠠᠲᠤ ᠬᠠᠮᠠᠭᠠᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠣᠶ᠎ᠠ︾ ᠭᠡᠬᠦ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃


      ᠸᠠᠩ ᠯᠢ ᠰᠢᠶᠠ᠂ ᠪᠦᠭᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠮᠥᠨ᠂ ᠵᠠᠭᠤᠨ ᠵᠢᠯ ᠤᠨ ᠨᠠᠮ ᠤᠨ ᠲᠡᠦᠬᠡ ᠠᠴᠠ ︽ᠰᠠᠬᠢᠯᠭ᠎ᠠ ᠪᠠᠲᠤᠴᠢ ᠴᠢᠨᠠᠷ ᠢᠶᠠᠨ ᠴᠢᠩᠭᠠᠳᠬᠠᠪᠠᠯ᠂ ᠬᠤᠪᠢᠰᠬᠠᠯ ᠯᠠᠪᠲᠠᠢ ᠢᠯᠠᠯᠲᠠ ᠣᠯᠣᠨ᠎ᠠ︾ ᠭᠡᠬᠦ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠰᠠᠭ ᠲᠤ ᠣᠷᠣᠭᠰᠠᠨ ᠲᠡᠦᠬᠡᠨ ᠶᠠᠪᠤᠴᠠ ᠠᠴᠠ ︽ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ︾ ᠭᠡᠬᠦ ᠰᠡᠷᠭᠡᠭ ᠪᠠᠲᠤ ᠴᠢᠩᠭ᠎ᠠ ᠴᠢᠨᠠᠷ ᠢ ᠭᠦᠨᠵᠡᠭᠡᠢ ᠣᠶᠢᠯᠠᠭᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠠᠴᠠ ᠰᠡᠷᠡᠮᠵᠢᠯᠡᠭᠦᠯᠭᠦ ᠰᠤᠷᠭᠠᠮᠵᠢ ᠠᠪᠴᠤ᠂ ᠡᠪ ᠬᠠᠮᠲᠤᠴᠤᠳ ᠤᠨ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠸᠠᠩ ᠯᠢ ᠰᠢᠶᠠ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠶᠢᠷᠢ ᠰᠠᠭᠤᠷᠢ ᠴᠢᠬᠤᠯᠠ᠂ ᠡᠭᠦᠷᠭᠡ ᠴᠢᠳᠠᠪᠬᠢ ᠴᠢᠬᠤᠯᠠ ᠶᠤᠮ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠡᠯ᠎ᠡ ᠵᠦᠢᠯ ᠤᠨ ᠠᠵᠢᠯ ᠤᠨ ᠳᠤᠮᠳᠠ ᠡᠮᠦᠨ᠎ᠡ ᠨᠢ ᠬᠤᠰᠢᠭᠤᠷᠠᠨ ᠦᠯᠢᠭᠡᠷ ᠳᠠᠭᠤᠷᠢᠶᠠᠯ ᠪᠣᠯᠵᠤ᠂ ︽ᠲᠠᠪᠤᠨ ᠡᠭᠦᠷᠢᠳᠡ ᠵᠣᠭᠰᠣᠰᠢ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠤᠯᠤᠰ ᠲᠦᠷᠦ ᠶᠢ ᠡᠷᠭᠢᠮᠯᠡᠭᠦ ᠲᠠᠯ᠎ᠠ ᠪᠠᠷ ᠡᠭᠦᠷᠢᠳᠡ ᠵᠣᠭᠰᠣᠰᠢ ᠦᠭᠡᠢ ᠪᠠᠶᠢᠵᠤ᠂ ᠤᠯᠤᠰ ᠲᠦᠷᠦ ᠶᠢᠨ ᠪᠣᠭᠤᠮᠲᠠ ᠶᠢ ᠴᠢᠩᠭ᠎ᠠ ᠰᠠᠬᠢᠵᠤ᠂ ᠤᠯᠤᠰ ᠲᠦᠷᠦ ᠶᠢᠨ ᠪᠠᠷᠢᠮᠵᠢᠶ᠎ᠠ ᠶᠢ ᠴᠢᠩᠭ᠎ᠠ ᠰᠠᠬᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠴᠢᠩᠭ᠎ᠠ ᠠᠩᠬᠠᠷᠴᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠬᠤᠶᠠᠷ ᠲᠤ᠂ ᠰᠤᠷᠤᠯᠴᠠᠯᠭ᠎ᠠ ᠶᠢ ᠡᠷᠭᠢᠮᠯᠡᠭᠦ ᠲᠠᠯ᠎ᠠ ᠪᠠᠷ ᠡᠭᠦᠷᠢᠳᠡ ᠵᠣᠭᠰᠣᠰᠢ ᠦᠭᠡᠢ ᠪᠠᠶᠢᠵᠤ᠂ ᠳᠡᠯᠡᠬᠡᠢ ᠶᠢᠨ ᠪᠠᠶᠢᠳᠠᠯ ᠢ ᠰᠤᠳᠤᠯᠵᠤ ᠶᠡᠭᠡ ᠬᠠᠨᠳᠤᠰᠢ ᠶᠢ ᠮᠡᠳᠡᠵᠦ᠂ ᠤᠯᠤᠰ ᠤᠨ ᠪᠠᠶᠢᠳᠠᠯ ᠢ ᠰᠤᠳᠤᠯᠵᠤ ᠪᠦᠭᠦ ᠲᠠᠯ᠎ᠠ ᠶᠢ ᠪᠣᠳᠣᠯᠬᠢᠯᠠᠵᠤ᠂ ᠣᠷᠣᠨ ᠤ ᠪᠠᠶᠢᠳᠠᠯ ᠢ ᠰᠤᠳᠤᠯᠵᠤ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠪᠣᠳᠠᠲᠠᠢ ᠶᠠᠪᠤᠳᠠᠯ ᠢ ᠰᠤᠳᠤᠯᠵᠤ ᠡᠷᠳᠡᠮ ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠲᠠᠯ᠎ᠠ ᠶᠢᠨ ᠠᠵᠢᠯ ᠳᠤ ᠴᠠᠭᠠᠷᠠᠬᠤ ᠮᠥᠷᠲᠡᠭᠡᠨ ᠪᠠᠰᠠ ᠲᠤᠰᠬᠠᠢ ᠮᠡᠷᠭᠡᠵᠢᠯᠲᠡᠨ ᠪᠤᠯᠬᠤ ᠬᠡᠷᠡᠭᠲᠡᠢ᠃ ᠭᠤᠷᠪᠠ ᠳᠤ᠂ ᠨᠠᠷᠢᠨ ᠬᠢᠨᠠᠮᠠᠭᠠᠢ ᠪᠠᠶᠢᠬᠤ ᠶᠢ ᠡᠷᠭᠢᠮᠯᠡᠭᠦ ᠲᠠᠯ᠎ᠠ ᠪᠠᠷ ᠡᠭᠦᠷᠢᠳᠡ ᠵᠣᠭᠰᠣᠰᠢ ᠦᠭᠡᠢ ᠪᠠᠶᠢᠵᠤ᠂ ᠴᠠᠭ ᠢᠮᠠᠭᠲᠠ ᠰᠠᠨᠠᠭ᠎ᠠ ᠲᠠᠯᠪᠢᠵᠤ᠂ ᠶᠠᠪᠤᠳᠠᠯ ᠪᠦᠭᠦᠨ ᠳᠤ ᠨᠢᠭᠲᠠ ᠠᠴᠠ ᠨᠢᠭᠲᠠ ᠪᠠᠶᠢᠬᠤ ᠶᠢ ᠪᠠᠷᠢᠮᠲᠠᠯᠠᠵᠤ᠂ ︽ᠭᠠᠷ ᠭᠦᠷᠦᠭᠰᠡᠨ ᠪᠦᠭᠦᠨ ᠳᠤ ᠬᠠᠷᠢᠭᠤᠴᠠᠯᠭ᠎ᠠ ᠲᠠᠢ︾ ᠪᠠᠶᠢᠬᠤ ᠶᠢ ᠪᠠᠷᠢᠮᠲᠠᠯᠠᠵᠤ᠂ ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ ᠡᠷᠭᠢᠯᠡᠭᠦ᠂ ᠠᠵᠢᠯ ᠶᠠᠪᠤᠳᠠᠯ ᠬᠢᠬᠦ ᠳᠡᠭᠡᠨ ᠥᠴᠥᠬᠡᠨ ᠴᠦ ᠣᠰᠣᠯᠳᠠᠬᠤ ᠦᠭᠡᠢ ᠪᠠᠶᠢᠵᠤ᠂ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠬᠡᠷᠡᠭᠲᠡᠢ᠃ ᠳᠥᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠡᠭᠦᠷᠢᠳᠡ ᠵᠣᠭᠰᠣᠰᠢ ᠦᠭᠡᠢ ᠪᠠᠶᠢᠵᠤ᠂ ︽ᠤᠳᠠᠭᠠᠨ ᠪᠦᠳᠦᠭᠦᠯᠢᠭ ᠬᠡᠶᠢᠰᠪᠦᠷᠢ︾ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠪᠢᠲᠡᠭᠦᠦ ᠭᠤᠭᠴᠤᠭ᠎ᠠ ᠪᠠᠷ ᠶᠠᠪᠤᠭᠳᠠᠬᠤ ᠶᠢ ᠠᠬᠢᠭᠤᠯᠵᠤ᠂ ᠠᠯᠢ ᠲᠦᠷᠭᠡᠨ ᠢᠶᠠᠷ ᠦᠷ᠎ᠡ ᠪᠦᠳᠦᠮᠵᠢ ᠭᠠᠷᠭᠠᠬᠤ ᠬᠡᠷᠡᠭᠲᠡᠢ᠃ ᠲᠠᠪᠤ ᠳᠤ᠂ ᠠᠷᠢᠭᠤᠨ ᠴᠢᠬᠡᠴᠢ ᠶᠢ ᠡᠷᠭᠢᠮᠯᠡᠭᠦ ᠲᠠᠯ᠎ᠠ ᠪᠠᠷ ᠡᠭᠦᠷᠢᠳᠡ ᠵᠣᠭᠰᠣᠰᠢ ᠦᠭᠡᠢ ᠪᠠᠶᠢᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠰᠠᠬᠢᠵᠤ᠂ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠤᠬᠠᠮᠰᠠᠷ ᠠᠴᠠ ᠪᠠᠨ ᠴᠡᠪᠡᠷᠰᠢᠭᠦᠯᠵᠦ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠬᠢᠴᠢᠶᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠰᠡᠳᠬᠢᠯ ᠲᠠᠯᠪᠢᠨ ᠬᠦᠴᠦ ᠣᠷᠣᠭᠤᠯᠵᠤ ᠪᠠᠶᠢᠭᠠᠳ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠨ᠎ᠡ ᠵᠠᠮ ᠨᠡᠭᠡᠭᠡᠬᠦ ᠳᠤᠮᠳᠠ ᠲᠦᠪᠰᠢᠨ ᠳᠤ ᠣᠷᠣᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ