ᠦᠵᠡᠰᠬᠦᠯᠡᠩᠲᠦ ᠰᠠᠶᠢᠬᠠᠨ ᠲᠤᠮᠳᠠᠳᠤ ᠤᠯᠤᠰ ᠤᠨ ᠤᠷᠢᠳ ᠢᠶᠠᠷ ᠬᠢᠬᠦ ᠣᠷᠣᠨ ᠢ ᠴᠣᠭᠴᠠᠯᠠᠨᠠᠮ — ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠥᠪᠥᠷ ᠮᠣᠩᠭᠤᠯ ᠤᠨ ᠶᠠᠷᠢᠶᠠᠨ ᠤ ᠲᠠᠪᠴᠠᠩ ᠤᠨ ᠲᠠᠲᠠᠯᠠᠭ᠎ᠠ
ᠨᠡᠶᠢᠲᠡᠯᠡᠭᠰᠡᠨ ᠴᠠᠭ᠄
2024/6/19

      ᠡᠬᠡ ᠤᠯᠤᠰ ᠤᠨ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ᠃

      6 ᠰᠠᠷ᠎ᠠ ᠶᠢᠨ 18 ᠤ ᠡᠳᠦᠷ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠥᠪᠥᠷ ᠮᠣᠩᠭᠤᠯ ᠤᠨ ᠶᠠᠷᠢᠶᠠᠨ ᠤ ᠲᠠᠪᠴᠠᠩ ᠦᠪᠡᠳᠡᠭᠰᠢ ᠶᠡᠭᠡ ᠪᠠᠷ ᠶᠠᠪᠤᠭᠳᠠᠪᠠ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠬ ᠵᠢᠴᠢ ᠨᠠᠷᠠᠲᠦ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ᠂ ᠫᠷᠤᠹᠧᠰᠰᠤᠷ ᠵᠢᠴᠢ ᠤᠰᠤᠨ ᠠᠰᠢᠭᠯᠠᠯᠲᠠ ᠶᠢᠨ ᠶᠠᠮᠤᠨ᠂ ᠠᠮᠢ ᠠᠬᠤᠢ ᠣᠷᠴᠢᠨ ᠲᠣᠭᠤᠷᠢᠨ ᠤ ᠶᠠᠮᠤᠨ᠂ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠠᠮᠲᠤ ᠪᠠᠷ ᠥᠪᠥᠷ ᠮᠣᠩᠭᠤᠯ ᠳᠤ ᠢᠷᠡᠵᠥ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠠᠷᠭ᠎ᠠ ᠵᠠᠮ ᠢ ᠬᠠᠮᠲᠤ ᠪᠠᠷ ᠵᠥᠪᠳᠡᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠷᠭ᠎ᠠ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠵᠢᠷᠤᠭ ᠲᠥᠰᠥᠪ ᠢ ᠬᠠᠮᠲᠤ ᠪᠠᠷ ᠵᠢᠷᠤᠭᠯᠠᠪᠠ᠃

      ᠥᠪᠥᠷ ᠮᠣᠩᠭᠤᠯ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭᠠᠨ ᠤ ᠴᠢᠬᠤᠯᠠ ᠦᠢᠯᠡᠳᠦᠯᠭᠡ ᠶᠢᠨ ᠭᠠᠵᠠᠷ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ 3 ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ᠂ 5 ᠵᠢᠯ ᠳᠠᠷᠠᠭᠠᠯᠠᠨ ᠪᠦᠭᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠣᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠪᠡ᠃

      ᠡᠨᠡ ᠡᠳᠦᠷ᠂ ᠶᠠᠷᠢᠶᠠᠨ ᠤ ᠲᠠᠪᠴᠠᠩ ᠢ ᠡᠷᠭᠢᠯᠡᠭᠦ ᠶᠢ ᠳᠠᠭᠠᠯᠳᠤᠨ᠂ ᠪᠦᠭᠦ ᠤᠯᠤᠰ ᠤᠨ ᠠᠩᠬᠠᠷᠤᠯ ᠳᠠᠬᠢᠨᠲᠠ ᠥᠪᠥᠷ ᠮᠣᠩᠭᠤᠯ ᠳᠤ ᠲᠥᠪᠯᠡᠷᠡᠪᠡ᠃ ᠡᠨᠡ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢᠨ ᠲᠤᠬᠠᠢ ᠨᠢᠭᠡ ᠤᠳᠠᠭ᠎ᠠ ᠶᠢᠨ ᠭᠦᠨᠵᠡᠭᠡᠢ ᠲᠠᠶᠢᠯᠤᠮᠵᠢ ᠪᠤᠯᠬᠤ ᠪᠥᠭᠡᠳ ᠪᠠᠰᠠ ᠴᠤ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠲᠤᠬᠠᠢ ᠨᠢᠭᠡ ᠤᠳᠠᠭ᠎ᠠ ᠶᠢᠨ ᠪᠦᠭᠦ ᠲᠠᠯ᠎ᠠ ᠶᠢᠨ ᠦᠵᠡᠭᠦᠯᠭᠡ ᠪᠣᠯᠣᠨ᠎ᠠ᠃

      ︽ᠬᠥᠯᠥᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠳᠠᠬᠢᠨᠲᠠ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠬᠥᠪᠴᠢ᠂ ᠮᠤᠤᠠᠤᠰᠤ ᠶᠢᠨ ︿ᠨᠣᠭᠤᠭᠠᠨ ᠥᠩᠭᠡ ᠨᠡᠮᠡᠭᠳᠡᠵᠦ ᠡᠯᠡᠰᠦ ᠤᠬᠤᠷᠢᠭᠰᠠᠨ﹀᠂ ᠠᠮᠢ ᠠᠬᠤᠢ ᠶᠢᠨ ᠬᠠᠮᠠᠭᠠᠯᠠᠯᠲᠠ ᠶᠢᠨ ︿ᠳᠤᠲᠠᠭᠤᠳᠠᠯ﹀ ᠨᠢ ᠦᠷ᠎ᠡ ᠪᠦᠳᠦᠮᠵᠢ ᠶᠢᠨ ︿ᠬᠡᠪ ᠳᠠᠭᠤᠷᠢᠶᠠᠯ﹀ ᠪᠣᠯᠵᠤ ᠬᠤᠪᠢᠷᠠᠵᠤ᠂ ︿ᠥᠩᠭᠡ ᠵᠢᠰᠦ﹀ ᠨᠢ ︿ᠦᠢᠯᠡᠳᠬᠦᠨ ᠤ ᠦᠷᠳᠡᠭ﹀ ᠪᠣᠯᠵᠤ ᠬᠤᠪᠢᠷᠠᠵᠤ᠂ ︿ᠬᠤᠨᠢ ᠨᠡᠭᠦᠷᠡᠰᠦ ᠬᠤᠪᠣᠷ ᠰᠢᠷᠣᠢ ᠰᠢᠲᠠᠮᠠᠬᠠᠢ ᠬᠡᠢ﹀ ᠨᠢ ︿ᠥᠭᠡᠳᠡᠷᠬᠡᠭ ᠠᠵᠤ ᠠᠬᠤᠢ﹀ ᠪᠣᠯᠣᠨ ᠬᠤᠪᠢᠷᠠᠵᠤ᠂ ᠠᠮᠢ ᠠᠬᠤᠢ ᠶᠢᠨ ᠵᠠᠰᠠᠯᠲᠠ ᠶᠢᠨ ᠬᠡᠪ ᠳᠠᠭᠤᠷᠢᠶᠠᠯ ᠢ ᠪᠤᠢ ᠪᠣᠯᠭᠠᠪᠠ︾ ᠭᠡᠵᠦ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠨ ᠶᠢᠨ ᠯᠦᠩ ᠥᠪᠥᠷ ᠮᠣᠩᠭᠤᠯ ᠢ ᠦᠨᠡᠯᠡᠪᠡ᠃

      ︽ᠪᠢ ᠬᠤᠷᠴᠢᠨ ᠤ ᠡᠯᠡᠰᠦᠷᠬᠡᠭ ᠭᠠᠵᠠᠷ᠂ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠬᠡᠰᠡᠭ ᠲᠣᠭᠤᠷᠢᠭ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ 2023 ᠣᠨ ᠤ 6 ᠰᠠᠷ᠎ᠠ ᠠᠴᠠ ᠨᠠᠭᠠᠰᠢ ᠤᠷᠢᠳ ᠬᠤᠵᠢᠳ ᠥᠪᠥᠷ ᠮᠣᠩᠭᠤᠯ ᠳᠤ 20 ᠭᠠᠷᠤᠢ ᠤᠳᠠᠭ᠎ᠠ ᠢᠷᠡᠵᠦ᠂ ᠥᠪᠥᠷ ᠮᠣᠩᠭᠤᠯ ᠤᠨ ᠡᠯ᠎ᠡ ᠱᠠᠲᠤᠨ ᠤ ᠤᠳᠤᠷᠢᠳᠬᠤ ᠺᠠᠳ᠋ᠷ ᠤᠨ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠵᠤ ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠠᠬᠢᠭᠤᠯᠤᠭᠰᠠᠨ ᠡᠷᠡᠰ ᠵᠣᠷᠢᠭ ᠪᠣᠯᠣᠨ ᠬᠦᠴᠦᠲᠡᠢ ᠠᠵᠢᠯᠯᠠᠭ᠎ᠠ ᠶᠢ ᠭᠡᠷᠡᠴᠢᠯᠡᠵᠦ᠂ ︿ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ﹀᠂ ︿ᠵᠠᠮ ᠢᠶᠠᠷ ᠡᠯᠡᠰᠦ ᠶᠢ ᠵᠠᠰᠠᠬᠤ﹀ ᠵᠡᠷᠭᠡ ᠥᠪᠡᠷᠮᠢᠴᠡ ᠡᠭᠦᠳᠦᠯᠲᠡ ᠶᠢᠨ ᠵᠠᠭᠪᠤᠷ ᠨᠢ ᠬᠥᠮᠥᠰ ᠲᠤ ᠭᠦᠨ ᠰᠠᠭᠤᠭᠳᠠᠯ ᠦᠯᠡᠳᠡᠭᠡᠵᠡᠢ︾ ᠭᠡᠵᠦ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠵᠤᠷᠭᠠᠨ ᠤ ᠳᠠᠷᠤᠭ᠎ᠠ ᠯᠢ ᠶᠦᠩ ᠵᠢᠶᠦ᠋ᠨ ᠥᠪᠥᠷ ᠮᠣᠩᠭᠤᠯ ᠢ ᠮᠠᠭᠲᠠᠪᠠ᠃

      ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾ ᠢ ᠰᠤᠨᠳᠠᠯᠠᠵᠤ᠂ ᠮᠠᠨ ᠤ ᠤᠯᠤᠰ ᠤᠨ ᠤᠮᠠᠷᠠᠲᠤ ᠶᠢᠨ ᠲᠠᠯᠠᠪᠠᠢ ᠪᠠᠷ ᠬᠠᠮᠤᠭ ᠤᠨ ᠶᠡᠭᠡ᠂ ᠲᠦᠷᠦᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠲᠤ ᠣᠷᠣᠨ ᠪᠣᠯᠣᠨ᠎ᠠ᠂ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠨᠢ ᠪᠦᠭᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠ ᠠᠯᠤᠰ ᠭᠡᠳᠤ ᠶᠢᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠡᠷᠡᠰ ᠭᠤᠶᠢᠪᠢᠰᠢ ᠦᠭᠡᠢ ᠪᠠᠷ ᠠᠮᠢ ᠠᠬᠤᠢ ᠶᠢ ᠬᠠᠮᠠᠭᠠᠯᠠᠵᠤ᠂ ᠠᠷᠪᠢᠯᠠᠨ ᠭᠠᠮᠨᠠᠬᠤ ᠶᠢ ᠠᠳᠬᠤᠵᠤ᠂ ᠪᠣᠬᠢᠷᠳᠤᠯ ᠢ ᠵᠠᠰᠠᠵᠤ᠂ ᠭᠡᠯᠪᠡᠷᠢ ᠶᠢ ᠬᠤᠪᠢᠷᠠᠭᠤᠯᠵᠤ᠂ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠬᠥᠮᠥᠰ ᠤᠨ ᠠᠩᠬᠠᠷᠤᠯ ᠢ ᠲᠠᠲᠠᠮ᠎ᠠ ᠠᠮᠵᠢᠯᠲᠠ ᠣᠯᠵᠠᠢ᠃ ᠢᠯᠠᠩᠭᠤᠶ᠎ᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤᠮᠳᠠ᠂ ᠬᠥᠪᠴᠢ ᠶᠢᠨ ᠵᠠᠭᠪᠤᠷ ᠪᠣᠯᠣᠨ ᠳ᠋ᠧᠩᠺᠸᠤ ᠶᠢᠨ ᠵᠠᠭᠪᠤᠷ ᠢ ᠡᠭᠦᠳᠴᠦ᠂ ᠳᠤᠮᠳᠠᠳᠤ ᠤᠯᠤᠰ ᠴᠢᠨᠠᠭᠰᠢᠯᠠᠪᠠᠯ ᠳᠡᠯᠡᠬᠡᠢ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠳᠤ ᠲᠣᠯᠢ ᠪᠣᠯᠬᠤᠶᠢᠴᠠ ᠲᠤᠷᠰᠢᠯᠭ᠎ᠠ ᠬᠠᠩᠭᠠᠪᠠ᠃

      ᠣᠳᠣᠬᠠᠨ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠵᠠᠩᠭᠢᠯᠠᠭ᠎ᠠ ᠶᠢᠨ ᠴᠠᠭ ᠮᠥᠴᠡ ᠳᠤ ᠣᠷᠣᠵᠤ᠂ 2035 ᠣᠨ ᠪᠤᠯᠬᠤ ᠳᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠴᠠᠭ ᠪᠠᠴᠢᠮ ᠲᠤᠯᠭᠠᠮ᠂ ᠡᠭᠦᠷᠭᠡ ᠬᠠᠲᠠᠭᠤ ᠪᠡᠷᠬᠡ ᠪᠠᠶᠢᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠭᠰᠠᠨ ᠤ ᠬᠤᠪᠢ ᠳᠤ᠂ ᠥᠪᠥᠷ ᠮᠣᠩᠭᠤᠯ ᠮᠥᠨ ᠬᠦ ᠪᠠᠭ᠎ᠠ ᠪᠤᠰᠤ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃

      ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠂ ᠬᠤᠣᠰ ᠨᠡᠭᠦᠷᠡᠰᠦᠲᠥ᠋ᠷᠥᠭᠴᠢ ᠶᠢᠨ ᠠᠵᠢᠯᠯᠠᠭ᠎ᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ᠁ ᠭᠤᠣᠯ ᠶᠠᠷᠢᠶᠠᠨ ᠤ ᠲᠠᠪᠴᠠᠩ ᠪᠣᠯᠣᠨ 2 ᠵᠡᠷᠭᠡᠴᠡᠭᠡ ᠬᠤᠪᠢᠶᠠᠷᠢ ᠶᠠᠷᠢᠶᠠᠨ ᠤ ᠲᠠᠪᠴᠠᠩ ᠳᠡᠭᠡᠷ᠎ᠡ᠂ ᠲᠤᠰᠬᠠᠢ ᠮᠡᠷᠭᠡᠵᠢᠯᠲᠡᠨ ᠡᠷᠳᠡᠮᠲᠡᠨ ᠤ ᠰᠠᠨᠠᠯ ᠢᠶᠠᠨ ᠰᠣᠯᠢᠯᠴᠠᠵᠤ ᠶᠠᠷᠢᠭᠰᠠᠨ ᠦᠭᠡ ᠨᠢ ᠣᠯᠠᠨ ᠵᠢᠯ ᠤᠨ ᠰᠤᠳᠤᠯᠭᠠᠨ ᠤ ᠦᠷ᠎ᠡ ᠪᠦᠲᠦᠭᠡᠯ ᠤᠨ ᠨᠢᠭᠡ ᠤᠳᠠᠭ᠎ᠠ ᠶᠢᠨ ᠲᠥᠪᠯᠡᠷᠡᠩᠭᠦᠢ ᠬᠠᠷᠢᠭᠤ ᠮᠡᠳᠡᠭᠦᠯᠦᠯᠲᠡ ᠪᠤᠯᠬᠤ ᠪᠥᠭᠡᠳ ᠪᠠᠰᠠ ᠴᠤ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠨᠢᠭᠡ ᠤᠳᠠᠭ᠎ᠠ ᠶᠢᠨ ︽ᠰᠤᠳᠠᠯ ᠪᠠᠷᠢᠵᠤ ᠣᠨᠣᠰᠢᠯᠠᠭ᠎ᠠ ᠬᠢᠭᠰᠡᠨ︾ ᠶᠠᠪᠤᠳᠠᠯ ᠪᠣᠯᠣᠨ᠎ᠠ᠃

      ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠹᠦ᠋ ᠪᠦᠸᠧ ᠵᠢᠶᠧ ᠶᠢᠨ ᠦᠵᠡᠬᠦ ᠪᠠᠷ᠂ ᠤᠰᠤᠨ ᠤ ᠡᠬᠢ ᠪᠠᠶᠠᠯᠢᠭ ᠪᠣᠯ ᠥᠪᠥᠷ ᠮᠣᠩᠭᠤᠯ ᠤᠨ ᠬᠠᠮᠤᠭ ᠤᠨ ᠶᠡᠭᠡ ᠪᠣᠭᠤᠮᠢ ᠮᠥᠨ᠂ ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠢᠵᠠᠭᠠᠷᠯᠠᠯ ᠪᠤᠯᠭᠠᠵᠤ᠂ ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ ᠤᠨ ᠵᠠᠭᠠᠭ ᠬᠢᠵᠠᠭᠠᠷ ᠢ ᠲᠤᠶᠢᠯᠪᠤᠷᠢᠲᠠᠢ ᠲᠣᠳᠣᠷᠬᠠᠢ ᠣᠶᠢᠯᠠᠭᠠᠵᠤ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠶᠢᠨ ᠭᠠᠵᠠᠷ ᠰᠢᠷᠣᠢ ᠶᠢᠨ ᠠᠰᠢᠭᠯᠠᠯᠲᠠ ᠶᠢᠨ ᠪᠦᠲᠦᠴᠡ ᠶᠢ ᠰᠢᠯᠢᠳᠡᠭᠵᠢᠭᠦᠯᠦᠨ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠬᠡᠷᠡᠭᠲᠡᠢ᠃ ᠡᠭᠦᠨ ᠤ ᠵᠡᠷᠭᠡ ᠪᠠᠷ᠂ ᠥᠨᠳᠥᠷ ᠪᠦᠲᠦᠮᠵᠢᠲᠡᠶ ᠪᠠᠷ ᠤᠰᠤ ᠬᠠᠮᠢᠶᠠᠷᠬᠤ᠂ ᠤᠰᠤ ᠶᠢ ᠵᠠᠰᠠᠬᠤ᠂ ᠤᠰᠤ ᠠᠷᠪᠢᠯᠠᠬᠤ᠂ ᠤᠰᠤ ᠬᠡᠷᠡᠭᠯᠡᠬᠦ ᠰᠢᠨ᠎ᠡ ᠵᠠᠮ ᠢ ᠰᠦᠪᠡᠭᠴᠢᠯᠡᠵᠦ᠂ ᠤᠰᠤᠨ ᠤ ᠬᠤᠷᠣᠭᠳᠠᠯ ᠶᠡᠬᠡᠲᠡᠢ ᠠᠮᠢ ᠠᠬᠤᠢ ᠶᠢ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠠᠷᠢᠶᠠᠨ ᠭᠠᠵᠠᠷ ᠤᠨ ᠤᠰᠤᠨ ᠤ ᠵᠥᠷᠢᠴᠡᠯ᠂ ᠠᠮᠢ ᠠᠬᠤᠢ ᠶᠢᠨ ᠤᠰᠤ ᠳᠤᠲᠠᠭᠳᠠᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃

      ︽ᠥᠪᠥᠷ ᠮᠣᠩᠭᠤᠯ ᠤᠨ ᠡᠬᠢ ᠪᠠᠶᠠᠯᠢᠭ ᠤᠨ ᠴᠢᠨᠠᠷᠲᠠᠢ ᠠᠵᠤ ᠦᠢᠯᠡᠰ ᠤᠨ ᠪᠦᠲᠦᠴᠡ ᠳᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠣᠬᠢᠷᠳᠤᠯ ᠦᠭᠡᠢ ᠲᠡᠶᠢᠰᠢ ᠭᠡᠯᠪᠡᠷᠢ ᠶᠢ ᠬᠤᠪᠢᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ ᠢᠳᠡᠪᠬᠢᠲᠡᠢ ᠬᠥᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠤᠳᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ︾᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠵᠦᠢ ᠶᠢᠨ ᠰᠢᠨᠵᠢᠯᠡᠬᠦ ᠤᠬᠠᠭᠠᠨ ᠬᠢᠭᠡᠳ ᠡᠬᠢ ᠪᠠᠶᠠᠯᠢᠭ ᠰᠤᠳᠤᠯᠬᠤ ᠭᠠᠵᠠᠷ ᠤᠨ ᠬᠤᠶᠠᠳᠤᠭᠠᠷ ᠳᠡᠰ ᠤᠨ ᠰᠤᠳᠤᠯᠤᠭᠴᠢ᠂ ᠵᠡᠭᠦᠨ ᠬᠤᠶᠢᠲᠤ ᠠᠽᠢᠶ᠎ᠠ ᠶᠢᠨ ᠦᠷᠭᠦᠯᠵᠢᠯᠡᠬᠦ ᠬᠥᠭᠵᠢᠯᠲᠡ ᠶᠢᠨ ᠰᠤᠳᠤᠯᠭᠠᠨ ᠤ ᠲᠥᠪ ᠤᠨ ᠡᠷᠭᠢᠯᠡᠭᠴᠢ ᠳ᠋ᠦᠩ ᠰᠦᠸᠧ ᠴᠧᠩ᠂ ᠥᠪᠥᠷ ᠮᠣᠩᠭᠤᠯ ᠪᠣᠯ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠭᠤᠣᠯ ᠭᠠᠵᠠᠷ ᠣᠷᠣᠨ ᠪᠣᠯᠣᠨ᠎ᠠ᠂ ᠮᠣᠩᠭᠤᠯ ᠤᠯᠤᠰ᠂ ᠣᠷᠣᠰ ᠵᠢᠴᠢ ᠡᠷᠭᠢᠨ ᠲᠣᠭᠤᠷᠢᠨ ᠤ ᠤᠯᠤᠰ ᠯᠤᠭ᠎ᠠ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠪᠠᠶᠢᠭᠤᠯᠬᠤ᠂ ᠪᠣᠬᠢᠷᠳᠤᠯ ᠦᠭᠡᠢ ᠬᠥᠭᠵᠢᠯᠲᠡ ᠶᠢᠨ ᠬᠠᠮᠲᠤᠷᠠᠯᠴᠠᠭ᠎ᠠ ᠥᠷᠨᠢᠭᠦᠯᠬᠦ ᠶᠢ ᠴᠢᠬᠤᠯᠠᠴᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃

      ︽ᠥᠪᠥᠷ ᠮᠣᠩᠭᠤᠯ ᠭᠠᠵᠠᠷ ᠠᠭᠤᠳᠠᠮ ᠬᠥᠮᠥᠨ ᠴᠥᠭᠡᠨ᠂ ᠭᠠᠵᠠᠷ ᠵᠦᠢ ᠶᠢᠨ ᠪᠠᠶᠢᠷᠢᠯᠠᠯ ᠤᠨ ᠲᠠᠯ᠎ᠠ ᠪᠠᠷ ᠪᠤᠶᠢᠳᠠ ᠪᠥᠭᠯᠡᠭᠦᠦ ᠪᠠᠶᠢᠬᠤ ᠬᠢᠵᠠᠭᠠᠷᠯᠠᠯ ᠢ ᠢᠯᠠᠨ ᠳᠠᠪᠠᠵᠤ᠂ ᠠᠵᠤ ᠦᠢᠯᠡᠳᠪᠦᠷᠢᠵᠢᠯᠲᠡ᠂ ᠬᠤᠳᠠ ᠪᠠᠯᠭᠠᠰᠤᠵᠢᠯᠲᠠ ᠶᠢᠨ ᠠᠬᠢᠴᠠ ᠳᠤᠮᠳᠠ ᠪᠣᠬᠢᠷᠳᠤᠯ ᠦᠭᠡᠢ᠂ ᠣᠶᠤᠨᠴᠢᠯᠠᠭᠰᠠᠨ᠂ ᠳᠡᠭᠡᠳᠦ ᠲᠡᠰ ᠤᠨ ᠪᠠᠶᠢᠬᠤ ᠶᠢ ᠤᠶᠠᠯᠳᠤᠭᠤᠯᠪᠠᠯ ᠰᠠᠶ᠋ᠢ ᠰᠢᠨ᠎ᠡ ᠨᠢᠭᠡ ᠡᠭᠡᠯᠵᠢ ᠶᠢᠨ ᠥᠷᠢᠰᠦᠯᠳᠦᠭᠡᠨ ᠤ ᠳᠤᠮᠳᠠ ᠳᠠᠪᠠᠭᠤᠯᠢᠭ ᠪᠠᠶᠢᠷᠢ ᠶᠢ ᠡᠵᠡᠯᠡᠵᠦ ᠴᠢᠳᠠᠨ᠎ᠠ︾ ᠭᠡᠵᠦ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠢ ᠶᠢᠨ ᠪᠣᠯᠪᠠᠰᠤᠨ ᠤ ᠰᠤᠳᠤᠯᠭᠠᠨ ᠤ ᠭᠠᠵᠠᠷ ᠤᠨ ᠨᠠᠮ ᠤᠨ ᠬᠤᠷᠢᠶ᠎ᠠ ᠶᠢᠨ ᠱᠦᠵᠢ ᠶᠠᠩ ᠺᠠᠢ ᠵᠦᠩ ᠬᠡᠯᠡᠪᠡ᠃

      ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠃ ᠨᠣᠮᠢᠨ ᠨᠣᠭᠤᠭᠠᠨ ᠳᠠᠪᠠᠭᠤᠯᠢᠭ ᠢ ᠪᠤᠢ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠴᠣᠭᠴᠠᠯᠠᠨ ᠪᠠᠶᠢᠭᠤᠯᠪᠠᠯ᠂ ᠥᠪᠥᠷ ᠮᠣᠩᠭᠤᠯ ᠤᠳᠠᠯ ᠦᠭᠡᠢ ᠰᠢᠨ᠎ᠡ ᠬᠠᠭᠤᠳᠠᠰᠤ ᠶᠢ ᠰᠡᠬᠦᠬᠦ ᠪᠣᠯᠣᠨ᠎ᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ