ᠸᠠᠩ ᠯᠢ ᠰᠢᠶᠠ ᠣᠷᠳᠣᠰ ᠬᠤᠳᠠ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠤᠭᠤᠳᠴᠤ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/20


      6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ ᠂ ᠸᠠᠩ ᠯᠢ ᠰᠢᠶᠠ ᠣᠷᠳᠣᠰ ᠬᠤᠳᠠ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠵᠢᠯᠤᠭᠤᠳᠴᠤ ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠪᠠ ᠃


1.jpg

 

     ᠸᠠᠩ ᠯᠢ ᠰᠢᠶᠠ ᠡᠩ ᠲᠡᠷᠢᠭᠦᠨ ᠳᠤ ᠳ᠋ᠦᠩᠱᠧᠩ ᠲᠣᠭᠤᠷᠢᠭ ᠤᠨ ᠠᠨᠳᠠ ᠨᠡᠶᠢᠭᠡᠮ ᠲᠣᠭᠤᠷᠢᠭ ᠲᠤ ᠬᠦᠷᠴᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ ᠂ ᠨᠡᠶᠢᠭᠡᠮ ᠲᠣᠭᠤᠷᠢᠭ ᠤᠨ ᠨᠠᠮ ᠤᠨ ᠡᠭᠦᠷ ᠪᠠ ᠠᠷᠠᠳ ᠤᠨ ᠵᠥᠪᠯᠡᠯ ᠤᠨ ᠪᠠᠭ ᠤᠨ ᠬᠢᠨ ᠪᠣᠯᠣᠨ ᠨᠡᠭᠦᠳᠡᠯ ᠨᠠᠮ ᠤᠨ ᠭᠡᠰᠢᠭᠦᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ ᠤᠷᠤᠯᠴᠠᠬᠰᠠᠨ ᠪᠠᠶᠢᠳᠠᠯ ᠢ ᠣᠶᠢᠯᠠᠭᠠᠪᠠ ᠃ ᠲᠡᠷᠡ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠮᠥᠨ ᠂ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠯᠠᠪᠳᠠᠭᠤᠨ ᠪᠠᠲᠤᠲᠠᠢ ᠠᠬᠢᠭᠤᠯᠵᠤ ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠬᠡᠷᠡᠭᠲᠡᠢ ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ  ᠠᠰᠠᠭᠤᠳᠠᠯ ᠢ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠰᠠᠶᠢᠲᠤᠷ ᠰᠢᠢᠳᠪᠦᠷᠢᠯᠡᠵᠦ ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠬᠤ ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ ᠪᠤᠯᠭᠠᠬᠤ ᠬᠡᠷᠡᠭᠲᠡᠢ ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠂ ︽ ᠪᠠᠭ᠎ᠠ ᠮᠣᠷᠢᠨ ᠳᠤ ᠶᠡᠭᠡ ᠲᠡᠷᠭᠡ ᠬᠥᠯᠬᠦ ︾ ᠠᠰᠠᠭᠤᠳᠠᠯ ᠢ ᠠᠷᠭᠠᠴᠠᠭᠠᠨ ᠰᠢᠢᠳᠪᠦᠷᠢᠯᠡᠵᠦ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠲᠡᠷᠡ ᠲᠢᠶᠠᠨ ᠵᠢᠶᠣᠣ ᠵᠡᠭᠡᠯᠢ ᠭᠤᠳᠤᠮᠵᠢ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠥᠷᠲᠡᠭᠡᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠢᠴᠡᠳ ᠨᠤᠲᠠᠯᠠᠵᠤ ᠂ ᠰᠠᠶᠢᠨ ᠳᠤᠷ᠎ᠠ ᠶᠢᠨ ᠠᠵᠢᠯᠯᠠᠭᠰᠠᠳ ᠤᠨ ᠰᠠᠨᠠᠭᠠᠴᠢᠯᠠᠭ᠎ᠠ ᠠᠴᠠ ᠪᠠᠨ ᠰᠠᠶᠢᠲᠤᠷ ᠦᠢᠯᠡᠴᠢᠯᠡᠬᠦ ᠮᠥᠷᠲᠡᠭᠡᠨ ᠤᠯᠠᠨ ᠲᠦᠮᠡᠨ ᠢ ᠲᠠᠶᠢᠴᠢᠯᠠᠨ ᠥᠷᠭᠡᠨ ᠢᠶᠠᠷ ᠣᠷᠣᠯᠴᠠᠭᠤᠯᠬᠤ ᠶᠢ ᠵᠣᠷᠢᠭᠵᠢᠭᠤᠯᠪᠠ ᠃


 

     ᠸᠠᠩ ᠯᠢ ᠰᠢᠶᠠ ᠤᠷᠢᠳ ᠬᠤᠵᠢᠳ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠮᠡᠷᠭᠡᠵᠢᠯ ᠤᠨ ᠵᠠᠪᠰᠠᠷ ᠲᠤᠷᠰᠢᠯᠲᠠ ᠶᠢᠨ ᠰᠠᠭᠤᠷᠢᠨ ᠪᠣᠯᠣᠨ ᠥᠪᠥᠷ ᠮᠣᠩᠭᠤᠯ ᠤᠨ ᠪᠦᠦ ᠹᠧᠩ ᠨᠡᠭᠦᠷᠡᠰᠦ ᠪᠠᠷ ᠠᠯᠺᠧᠨ ᠦᠢᠯᠡᠳᠬᠦ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠂ ᠲᠠᠪᠴᠠᠩ ᠤᠨ ᠪᠠᠶᠢᠭᠤᠯᠤᠯᠲᠠ ᠂ ᠲᠦᠷᠦᠯ ᠵᠦᠢᠯ ᠤᠨ ᠠᠬᠢᠴᠠ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠯᠢᠭ ᠣᠶᠢᠯᠠᠭᠠᠪᠠ ᠃ ᠲᠡᠷᠡ ᠂ ᠵᠠᠪᠰᠠᠷ ᠲᠤᠷᠰᠢᠯᠲᠠ ᠶᠢᠨ ᠰᠠᠭᠤᠷᠢᠨ ᠤ ᠬᠢᠨ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠶᠡᠭᠡ ᠪᠠᠷ ᠣᠷᠣᠭᠤᠯᠤᠨ ᠠᠪᠴᠢᠷᠠᠵᠤ ᠂ ᠪᠦᠭᠦ ᠤᠯᠤᠰ ᠲᠤ ᠬᠠᠨᠳᠤᠭᠤᠯᠤᠨ ᠦᠢᠯᠡᠴᠢᠯᠡᠭᠡ ᠬᠠᠩᠭᠠᠬᠤ ᠭᠡᠷᠡᠭᠲᠡᠢ ︔ ᠪᠦᠦ ᠹᠧᠩ ᠤᠨ ᠲᠥᠷᠥᠯ ᠵᠦᠢᠯ ᠤᠨ ᠬᠠᠷᠢᠭᠤᠴᠠᠯᠭᠠᠲᠠᠨ ᠳᠤ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠵᠦ ᠂ ᠡᠷᠲᠡᠬᠡᠨ ᠦᠢᠯᠡᠳᠪᠦᠷᠢᠯᠡᠯ ᠤᠨ ᠪᠠᠷᠢᠮᠵᠢᠶ᠎ᠠ ᠳᠤ ᠬᠦᠷᠴᠦ ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠤᠷᠢᠳᠴᠢᠯᠠᠨ ᠲᠥᠰᠥᠪᠯᠡᠬᠦ ᠬᠡᠷᠡᠭᠲᠡᠢ ᠭᠡᠵᠦ ᠵᠠᠬᠢᠪᠠ ᠃ ᠦᠦᠰᠢᠨ ᠬᠤᠰᠢᠭᠤᠨ ᠳᠤ ᠂ ᠸᠠᠩ ᠯᠢ ᠰᠢᠶᠠ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠂ ᠣᠷᠳᠣᠰ ᠬᠤᠳᠠ ᠶᠢᠨ ᠬᠠᠷᠢᠭᠤᠴᠠᠯᠭᠠᠲᠠᠨ ᠨᠥᠬᠦᠳ ᠲᠠᠢ ᠶᠠᠷᠢᠯᠴᠠᠬᠤ ᠬᠤᠷᠠᠯ ᠬᠢᠵᠦ ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ ᠃ ᠲᠡᠷᠡ ᠂ ᠥᠪᠥᠷ ᠮᠣᠩᠭᠤᠯ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠪᠣᠯᠣᠨ ᠨᠡᠭᠦᠷᠡᠰᠦ ᠪᠠᠷ ᠲᠣᠰᠣ ᠬᠡᠢ ᠦᠢᠯᠡᠳᠬᠦ ᠪᠠᠶᠢᠯᠳᠤᠬᠤ ᠪᠣᠳᠣᠯᠭ᠎ᠠ ᠶᠢᠨ ᠰᠠᠭᠤᠷᠢᠨ ᠢ ᠪᠦᠲᠦᠭᠡᠨ ᠪᠠᠶᠢᠭᠤᠯᠬᠤ ᠴᠢᠬᠤᠯᠠ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠂ ᠬᠤᠯᠪᠣᠯᠳᠤᠨ ᠬᠥᠭᠵᠢᠬᠦ ᠂ ᠬᠡᠯᠬᠢᠶ᠎ᠡ ᠶᠢ ᠤᠷᠲᠤᠳᠬᠠᠬᠤ ᠵᠡᠷᠭᠡ ᠲᠠᠯ᠎ᠠ ᠪᠠᠷ ᠪᠦᠭᠦ ᠤᠯᠤᠰ ᠤᠨ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠬᠤ ᠬᠡᠷᠡᠭᠲᠡᠢ ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠪᠦᠭᠦ ᠣᠷᠣᠨ ᠢᠶᠠᠷ ᠢᠶᠠᠨ ᠨᠢᠭᠡᠳᠦᠯᠲᠡᠢ ᠲᠥᠯᠥᠪᠵᠢᠭᠦᠯᠵᠦ ᠂ ᠵᠣᠬᠢᠰᠲᠠᠢ ᠪᠠᠶᠢᠷᠢᠰᠢᠭᠤᠯᠵᠤ ᠂ ᠲᠥᠪᠯᠡᠷᠡᠭᠦᠯᠦᠨ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠬᠤ ᠬᠡᠷᠡᠭᠲᠡᠢ ᠂ ᠭᠠᠵᠠᠷ ᠪᠣᠯᠭᠠᠨ ᠳᠤ ᠪᠦᠲᠦᠭᠡᠨ ᠪᠠᠶᠢᠭᠤᠯᠵᠤ ᠪᠤᠯᠬᠤ ᠦᠭᠡᠢ ᠃ ᠵᠠᠰᠠᠭ ᠤᠨ ᠣᠷᠳᠣᠨ ᠠᠴᠠ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ ᠂ ᠪᠦᠭᠦ ᠲᠠᠯ᠎ᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ ᠂ ᠤᠯᠤᠰ ᠤᠨ ᠲᠠᠰ ᠳᠠᠪᠬᠤᠷᠭ᠎ᠠ ᠳᠤ ᠬᠠᠷᠢᠶᠠᠯᠠᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠶᠢᠮᠠᠭ ᠬᠤᠲᠠ ᠴᠥᠮ ᠬᠠᠪᠰᠤᠷᠤᠨ ᠭᠦᠶᠦᠵᠦ ᠂ ᠬᠠᠪᠰᠤᠷᠤᠨ ᠠᠩᠬᠠᠷᠴᠤ ᠂ ᠣᠷᠣᠨ ᠤ ᠳᠣᠲᠣᠨ᠎ᠠ ᠬᠠᠷᠢᠶᠠᠯᠠᠭᠳᠠᠬᠤ ᠵᠦᠢᠯᠡᠰ ᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠳᠠᠭᠠᠭᠠᠯᠭᠠᠨ ᠲᠤᠰᠬᠠᠢ ᠠᠩᠭᠢ ᠪᠠᠶᠢᠭᠤᠯᠵᠤ ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃


 

 

     ᠡᠨᠡ ᠬᠤᠭᠤᠴᠠᠭᠠᠨ ᠳᠤ᠂ ᠸᠠᠩ ᠯᠢ ᠰᠢᠶᠠ ᠪᠠᠰᠠ ᠲᠤᠬᠠᠢ ᠶᠢᠨ ᠳᠠᠯᠠᠪᠠᠢ ᠳᠤ ᠵᠠᠬᠢᠳᠠᠯ ᠰᠤᠷᠪᠤᠯᠵᠢᠯᠠᠯ ᠤᠨ ᠬᠡᠷᠡᠭ ᠳᠠᠭᠠᠭᠠᠴᠢᠯᠠᠵᠤ ᠰᠢᠢᠳᠪᠦᠷᠢᠯᠡᠭᠰᠡᠨ ᠪᠠᠶᠢᠳᠠᠯ ᠢ ᠲᠣᠬᠢᠷᠠᠭᠤᠯᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ