ᠥᠪᠥᠷ ᠮᠣᠩᠭᠤᠯ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2024/6/20

 

      ᠦᠶᠡᠷ ᠤᠨ ᠬᠤᠭᠤᠴᠠᠭ᠎ᠠ ᠣᠶᠢᠷᠠᠳᠬᠤ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ 2024 ᠣᠨ ᠳᠤ ᠂ ᠥᠪᠥᠷ ᠮᠣᠩᠭᠤᠯ ︽ ᠤᠷᠢᠳᠴᠢᠯᠠᠨ ᠮᠡᠳᠡᠭᠡᠯᠡᠬᠦ ᠂ ᠤᠷᠢᠳᠴᠢᠯᠠᠨ ᠰᠡᠷᠡᠮᠵᠢᠯᠡᠭᠦᠯᠬᠦ ᠂ ᠤᠷᠢᠳᠴᠢᠯᠠᠨ ᠰᠣᠷᠢᠯᠲᠠ ᠬᠢᠬᠦ ᠂ ᠪᠡᠯᠡᠳᠬᠡᠯ ᠲᠥᠰᠥᠯ ︾ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠬᠦ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ ᠃

      ᠣᠶᠢᠯᠠᠭᠠᠭᠰᠠᠨ ᠢᠶᠠᠷ ᠂ ᠡᠨᠡ ᠵᠢᠯ ᠮᠠᠨ ᠤ ᠣᠷᠣᠨ ᠳᠤ ᠰᠢᠷᠦᠭᠦᠨ ᠪᠣᠷᠣᠭᠠᠨ ᠂ ᠭᠠᠩ ᠬᠠᠭᠰᠠᠷᠠᠭᠠᠨ ᠵᠡᠷᠭᠡ ᠣᠨᠴᠠᠭᠠᠶ ᠴᠠᠭ ᠠᠭᠤᠷ ᠤᠨ ᠪᠠᠶᠢᠳᠠᠯ ᠨᠡᠯᠢᠶᠡᠳ ᠣᠯᠠᠨ ᠪᠠᠶᠢᠵᠤ ᠂ ᠭᠠᠩ ᠤᠰᠤᠳᠤᠯ ᠤᠨ ᠪᠠᠶᠢᠳᠠᠯ ᠲᠡᠩᠴᠡᠭᠦᠷᠢ ᠦᠭᠡᠢ ᠪᠣᠯᠵᠤ᠂ ᠬᠡᠰᠡᠭ ᠭᠠᠵᠠᠷ ᠣᠷᠣᠨ ᠳᠤ ᠭᠠᠩ ᠬᠠᠭᠰᠠᠷᠠᠭᠠᠨ ᠪᠠᠶᠢᠭᠰᠠᠨ ᠠᠴᠠ ᠪᠠᠨ ᠣᠭᠵᠣᠮ ᠦᠶᠡᠷ ᠤᠰᠤᠳᠤᠯ ᠡᠭᠦᠰᠬᠦ ᠪᠣᠯᠣᠮᠵᠢ ᠲᠠᠢ ᠃ ᠬᠥᠯᠥᠨ ᠪᠤᠶᠢᠷ ᠬᠤᠲᠠ ᠶᠢᠨ ᠵᠡᠭᠦᠨ ᠡᠮᠦᠨ᠎ᠡ ᠬᠡᠰᠡᠭ ᠂ ᠬᠢᠩᠭᠠᠨ ᠠᠶᠢᠮᠠᠭ ᠂ ᠲᠦᠩᠯᠢᠶᠣᠣ ᠬᠤᠲᠠ ᠂ ᠤᠯᠠᠭᠠᠨᠬᠠᠳᠠ ᠬᠤᠲᠠ ᠶᠢᠨ ᠬᠡᠰᠡᠭ ᠭᠠᠵᠠᠷ ᠣᠷᠣᠨ ᠳᠤ ᠬᠤᠷ᠎ᠠ ᠲᠤᠨᠳᠠᠰᠤ ᠡᠩ ᠤᠨ ᠵᠢᠯ ᠤᠨ ᠬᠢ ᠠᠴᠠ 20% ᠢᠯᠡᠭᠦᠦ ᠪᠠᠶᠢᠵᠤ ᠂ ᠲᠤᠶᠢᠯ ᠤᠨ ᠰᠢᠷᠦᠭᠦᠨ ᠪᠣᠷᠣᠭᠠᠨ ᠣᠷᠣᠬᠤ ᠪᠣᠯᠣᠮᠵᠢ ᠨᠡᠯᠢᠶᠡᠳ ᠶᠡᠭᠡ ᠪᠠᠶᠢᠨ᠎ᠠ ᠃

      ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ︽ ᠳᠥᠷᠪᠡᠨ ᠤᠷᠢᠳᠴᠢᠯᠠᠭᠰᠠᠨ︾ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠴᠢᠩᠭᠠᠳᠬᠠᠨ ᠂ ︽ ᠳᠥᠷᠪᠡᠨ ᠪᠠᠶᠢᠳᠠᠯ ︾ ᠤᠨ ᠰᠡᠷᠭᠡᠶᠢᠯᠡᠯᠲᠡ ᠶᠢ ᠨᠠᠪᠲᠠᠷᠡᠭᠦᠯᠵᠦ ᠂ ᠭᠤᠯᠳᠤ ᠪᠠᠷ ᠡᠴᠦᠰ ᠲᠤ ᠨᠢ ᠲᠤᠯᠲᠠᠯ᠎ᠠ ᠬᠢᠬᠦ ᠂ ᠬᠥᠨᠳᠡᠯᠡᠨ ᠢᠶᠠᠷ ᠵᠠᠬ᠎ᠠ ᠬᠢᠵᠠᠭᠠᠷ ᠲᠤ  ᠨᠢ ᠬᠦᠷᠲᠡᠯ᠎ᠡ ᠬᠢᠬᠦ ᠦᠶᠡᠷ ᠤᠰᠤᠳᠤᠯ ᠭᠠᠩ ᠬᠠᠭᠰᠠᠷᠠᠭᠠᠨ ᠤ ᠭᠠᠮᠰᠢᠭ ᠠᠴᠠ ᠰᠡᠷᠭᠡᠶᠢᠯᠡᠬᠦ ᠲᠣᠭᠲᠠᠯᠴᠠᠭ᠎ᠠ ᠪᠠᠶᠢᠭᠤᠯᠵᠤ ᠂ ᠠᠶᠤᠯ ᠲᠦᠭᠰᠢᠭᠦᠷᠢ ᠶᠢᠨ ᠨᠢᠭᠡ ᠵᠢᠷᠤᠭ ᠂ ᠤᠷᠢᠳᠴᠢᠯᠠᠨ ᠰᠡᠷᠡᠮᠵᠢᠯᠡᠭᠦᠯᠬᠦ‍ ᠨᠢᠭᠡ ᠲᠣᠭᠲᠠᠯᠴᠠᠭ᠎ᠠ ᠂ ᠬᠠᠮᠢᠶᠠᠷᠤᠨ ᠡᠵᠡᠮᠳᠡᠬᠦ‍ ᠨᠢᠭᠡ ᠲᠣᠳᠣᠷᠬᠠᠢ ᠬᠠᠭᠤᠳᠠᠰᠤ ᠶᠢ ᠪᠠᠶᠢᠭᠤᠯᠵᠤ ᠂ ᠤᠷᠢᠳᠴᠢᠯᠠᠨ ᠮᠡᠳᠡᠭᠡᠯᠡᠬᠦ ᠂ ᠴᠠᠭ ᠲᠤᠬᠠᠢ ᠳᠤ ᠨᠢ ᠤᠷᠢᠳᠴᠢᠯᠠᠨ ᠰᠡᠷᠡᠮᠵᠢᠯᠡᠭᠦᠯᠬᠦ ᠂ ᠰᠢᠰᠲ᠋ᠧᠮ ᠲᠠᠢ ᠣᠷᠢᠳᠴᠢᠯᠠᠭᠰᠠᠨ ᠰᠣᠷᠢᠯᠲᠠ ᠬᠢᠬᠦ ᠂ ᠪᠦᠲᠦᠮᠵᠢᠲᠡᠶ ᠪᠡᠯᠡᠳᠬᠡᠯ ᠲᠥᠰᠥᠯ  ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃

      ᠤᠰᠤᠨ ᠴᠥᠭᠦᠷᠥᠮ ᠤᠨ ᠠᠮᠤᠷ ᠲᠦᠪᠰᠢᠨ ᠨᠢ ᠠᠮᠢ ᠨᠠᠰᠤᠨ ᠤ ᠠᠮᠤᠷ ᠲᠦᠪᠰᠢᠨ ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠂ ᠤᠰᠤ ᠬᠠᠩᠭᠠᠬᠤ ᠠᠮᠤᠷ ᠲᠦᠪᠰᠢᠨ ᠲᠠᠢ ᠬᠤᠯᠪᠣᠭᠳᠠᠨ᠎ᠠ ᠃ ᠥᠪᠥᠷ ᠮᠣᠩᠭᠤᠯ ᠨᠤᠷᠠᠬᠤ ᠠᠶᠤᠯ ᠲᠠᠢ ᠤᠰᠤᠨ ᠴᠥᠭᠦᠷᠥᠮ ᠤᠳ ᠤᠨ ᠠᠶᠤᠯ ᠢ ᠠᠷᠢᠯᠭᠠᠨ ᠪᠠᠬᠢᠵᠢᠭᠦᠯᠬᠦ ᠪᠠᠨ ᠠᠬᠢᠭᠤᠯᠬᠤ ᠂ ᠤᠰᠤᠨ ᠴᠥᠭᠦᠷᠥᠮ ᠤᠨ ᠪᠠᠭᠲᠠᠭᠠᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠵᠡᠷᠭᠡ 6 ᠲᠠᠯ᠎ᠠ ᠪᠠᠷ ᠤᠰᠤᠨ ᠴᠥᠭᠦᠷᠥᠮ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠥᠩᠭᠡᠷᠡᠭᠦᠯᠬᠦ ᠶᠢ ᠲᠣᠪᠣᠶᠢᠮ᠎ᠠ ᠰᠠᠶᠢᠲᠤᠷ ᠠᠳᠬᠤᠨ᠎ᠠ ᠃ ᠠᠭᠤᠯᠠᠨ ᠦᠶᠡᠷ ᠤᠨ ᠭᠠᠮᠰᠢᠭ ᠪᠣᠯ ᠮᠠᠨ ᠤ ᠣᠷᠣᠨ ᠤ ᠦᠶᠡᠷ ᠢ ᠰᠡᠷᠭᠡᠶᠢᠯᠡᠬᠦ ᠠᠵᠢᠯ ᠤᠨ ᠭᠤᠣᠯᠳᠠᠯᠭ᠎ᠠ ᠮᠥᠨ ᠂ ᠥᠪᠥᠷ ᠮᠣᠩᠭᠤᠯ ᠠᠭᠤᠯᠠᠨ ᠦᠶᠡᠷ ᠤᠨ ᠭᠠᠮᠰᠢᠭ ᠢ ᠪᠥᠬᠦ ᠬᠦᠴᠦᠨ ᠢᠶᠠᠷ ᠢᠶᠠᠨ ᠰᠡᠷᠭᠡᠶᠢᠯᠡᠵᠦ ᠂ ᠬᠥᠮᠥᠰ ᠢ ᠨᠡᠭᠦᠯᠭᠡᠨ ᠠᠶᠤᠯ ᠠᠴᠠ ᠵᠠᠶᠢᠯᠠᠭᠤᠯᠬᠤ ᠪᠠᠨ ᠴᠢᠩᠭᠠᠳᠬᠠᠨ ᠂ ᠪᠠᠭᠤᠷᠠᠢ ᠭᠤᠭᠴᠤᠭ᠎ᠠ ᠶᠢ ᠨᠢᠭᠲᠠ ᠠᠩᠬᠠᠷᠴᠤ ᠪᠠᠶᠢᠨ᠎ᠠ ᠃ ᠰᠡᠷᠭᠡᠶᠢᠯᠡᠬᠦ ᠭᠤᠣᠯᠳᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠬᠤ ᠶᠢᠨ ᠲᠥᠯᠥᠭᠡ ᠂ ᠣᠶᠢᠷ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠂ ᠡᠯ᠎ᠡ ᠠᠶᠢᠮᠠᠭ ᠬᠤᠲᠠ ᠴᠥᠮ ᠦᠶᠡᠷ ᠠᠴᠠ ᠡᠮᠦᠨᠡᠬᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠂ ᠤᠰᠤᠨ ᠴᠥᠭᠦᠷᠥᠮ ᠤᠨ ᠶᠡᠭᠡ ᠬᠠᠰᠢᠯᠭ᠎ᠠ ᠶᠢᠨ ᠦᠶᠡᠷ ᠵᠠᠯᠠᠬᠤ ᠵᠠᠮ ᠂ ᠬᠠᠰᠢᠯᠭ᠎ᠠ ᠶᠢᠨ ᠠᠶᠤᠯ ᠲᠠᠢ ᠪᠠᠷᠢᠯᠭ᠎ᠠ ᠶᠢᠨ ᠬᠡᠰᠡᠭ ᠂ ᠳᠠᠯᠠᠩ ᠨᠡᠪᠲᠡᠯᠬᠦ ᠪᠠᠷᠢᠯᠭ᠎ᠠ ᠂ ᠨᠦᠯᠦᠮᠡᠯ ᠭᠠᠵᠠᠷ ᠤᠨ ᠬᠠᠰᠢᠯᠭ᠎ᠠ ᠶᠢᠨ ᠤᠰᠤ ᠵᠠᠯᠠᠬᠤ ᠪᠠᠷᠢᠯᠭ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠪᠠᠷᠢᠯᠭ᠎ᠠ ᠨᠤᠭᠤᠳ ᠢ ᠪᠥᠬᠦ ᠲᠠᠯ᠎ᠠ ᠪᠠᠷ ᠪᠠᠶᠢᠴᠠᠭᠠᠵᠤ ᠂ ᠭᠠᠮᠰᠢᠭ ᠢ ᠰᠡᠷᠭᠡᠶᠢᠯᠡᠬᠦ ᠪᠠᠷᠢᠯᠭ᠎ᠠ ᠶᠢᠨ ᠰᠠᠭᠤᠷᠢ ᠶᠢ ᠲᠦᠷᠭᠡᠳᠬᠡᠨ ᠪᠠᠬᠢᠵᠢᠭᠦᠯᠵᠦ ᠂ ᠭᠤᠣᠯ ᠤᠨ ᠬᠡᠪᠡᠯᠢ ᠶᠢᠨ ᠦᠶᠡᠷ ᠵᠠᠯᠠᠬᠤ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ ᠂ ᠤᠰᠤᠨ ᠳᠤ ᠡᠪᠳᠡᠭᠳᠡᠭᠰᠡᠨ ᠪᠠᠷᠢᠯᠭ᠎ᠠ ᠶᠢ ᠵᠠᠰᠠᠨ ᠰᠡᠷᠭᠦᠭᠡᠬᠦ ᠪᠠᠨ ᠴᠢᠩᠭᠠᠳᠬᠠᠵᠤ ᠪᠤᠢ ᠃

      ᠡᠭᠦᠨ ᠤ ᠬᠠᠮᠲᠤ ᠂ ᠪᠣᠷᠣᠭᠠᠨ ᠤ ᠪᠠᠶᠢᠳᠠᠯ ᠂ ᠤᠰᠤᠨ ᠤ ᠪᠠᠶᠢᠳᠠᠯ ᠂ ᠭᠠᠩ ᠤᠨ ᠪᠠᠶᠢᠳᠠᠯ ᠢ ᠨᠢᠭᠲᠠ ᠬᠢᠨᠠᠨ ᠠᠵᠢᠭᠯᠠᠵᠤ ᠂ ᠤᠷᠢᠳᠴᠢᠯᠠᠨ ᠮᠡᠳᠡᠭᠡᠯᠡᠬᠦ ᠣᠨᠣᠪᠴᠢ ᠶᠢᠨ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠤᠷᠢᠳᠴᠢᠯᠠᠨ ᠮᠡᠳᠡᠬᠦ ᠬᠤᠭᠤᠴᠠᠭ᠎ᠠ ᠶᠢ ᠣᠷᠳᠣᠣᠬᠠᠵᠤ ᠪᠠᠶᠢᠨ᠎ᠠ ᠃ ᠪᠠᠶᠢᠭᠠᠯᠢ ᠶᠢᠨ ᠭᠠᠮᠰᠢᠭ ᠢ ᠰᠡᠷᠡᠮᠵᠢᠯᠡᠭᠦᠯᠬᠦ ᠲᠠᠪᠴᠠᠩ ᠢ ᠠᠰᠢᠭᠯᠠᠨ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ ᠤᠰᠤᠨ ᠴᠥᠭᠦᠷᠥᠮ ᠂ ᠨᠦᠯᠦᠮᠡᠯ ᠭᠠᠵᠠᠷ ᠤᠨ ᠬᠠᠰᠢᠯᠭ᠎ᠠ ᠶᠢᠨ ᠰᠡᠷᠡᠮᠵᠢᠯᠡᠭᠦᠯᠦᠯ ᠢ ᠨᠡᠶᠢᠲᠡᠯᠡᠵᠦ ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠭᠡᠷ ᠹᠷᠣᠨᠲ ᠤᠨ ᠬᠠᠷᠢᠭᠤᠴᠠᠯᠭᠠᠲᠠᠨ ᠳᠤ ᠰᠢᠭᠤᠳ ᠬᠦᠷᠭᠡᠨ᠎ᠡ ᠃ ᠤᠰᠤᠨ ᠴᠥᠭᠦᠷᠥᠮ ᠤᠨ ᠪᠡᠷᠢᠮᠵᠢᠶᠠᠨ ᠠᠴᠠ ᠬᠡᠲᠦᠷᠡᠭᠰᠡᠨ ᠦᠶᠡᠷ ᠢ ᠰᠡᠷᠭᠡᠶᠢᠯᠡᠬᠦ ᠵᠡᠷᠭᠡ ᠡᠯ᠎ᠡ ᠲᠥᠷᠥᠯ ᠤᠨ ᠪᠡᠯᠡᠳᠬᠡᠯ ᠲᠥᠰᠥᠯ ᠢ ᠴᠠᠭ ᠲᠤᠬᠠᠢ ᠳᠤ ᠨᠢ ᠲᠣᠬᠢᠷᠠᠭᠤᠯᠤᠨ ᠵᠠᠰᠠᠪᠤᠷᠢ ᠣᠷᠣᠭᠤᠯᠵᠤ ᠂ ᠪᠡᠯᠡᠳᠬᠡᠯ ᠲᠥᠰᠥᠯ ᠤᠨ ᠴᠢᠭᠯᠡᠯᠲᠦ ᠴᠢᠨᠠᠷ ᠪᠠ ᠬᠡᠷᠡᠭᠵᠢᠭᠦᠯᠦᠭᠳᠡᠬᠦᠶᠢᠴᠡ ᠴᠢᠨᠠᠷ ᠢ ᠴᠢᠩᠭᠠᠳᠬᠠᠨ᠎ᠠ ᠃ ᠣᠯᠠᠨ ᠰᠠᠯᠠᠭ᠎ᠠ ᠮᠥᠴᠢᠷ ᠂ ᠣᠯᠠᠨ ᠠᠷᠭ᠎ᠠ ᠵᠠᠮ ᠂ ᠣᠯᠠᠨ ᠠᠷᠭ᠎ᠠ ᠮᠠᠶ᠋ᠢᠭ ᠢᠶᠠᠷ ᠦᠶᠡᠷ ᠢ ᠰᠡᠷᠭᠡᠶᠢᠯᠡᠨ ᠠᠶᠤᠯ ᠠᠴᠠ ᠠᠪᠤᠷᠠᠬᠤ ᠠᠳᠠᠯᠢ ᠪᠤᠰᠤ ᠰᠣᠷᠢᠯᠲᠠ ᠶᠢ ᠥᠷᠨᠢᠭᠦᠯᠵᠦ ᠂ ᠠᠷᠭᠠᠴᠠᠬᠤ ᠴᠢᠳᠠᠪᠤᠷᠢ ᠪᠠᠨ ᠨᠡᠮᠡᠭᠳᠡᠭᠦᠯᠵᠦ ᠪᠠᠶᠢᠨ᠎ᠠ ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ