ᠰᠦᠨ ᠱᠣᠣ ᠴᠧᠩ  ᠸᠠᠩ ᠯᠢ ᠰᠢᠶᠠ ᠵᠠᠩ  ᠶᠠᠨ ᠺᠦᠨ ᠨᠠᠷ ᠼᠠᠢ ᠳ᠋ᠠ ᠹᠧᠩ  ᠵᠦ ᠶᠦᠩ ᠰᠢᠨ ᠲᠠᠢ ᠪᠠᠷᠠᠳᠠᠨ ᠠᠭᠤᠯᠵᠠᠪᠠ
ᠨᠡᠶᠢᠲᠡᠯᠡᠭᠰᠡᠨ ᠴᠠᠭ᠄
2024/6/21


      6 ᠰᠠᠷ᠎ᠠ ᠶᠢᠨ 19 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠦᠭᠡᠬᠤᠲᠠ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠵᠦ ᠶᠦᠩ ᠰᠢᠨ ᠲᠠᠢ ᠪᠠᠷᠠᠳᠠᠨ ᠠᠭᠤᠯᠵᠠᠪᠠ ᠃

 

1.jpg

6 ᠰᠠᠷ᠎ᠠ ᠶᠢᠨ 19 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠭᠦᠭᠡᠬᠤᠲᠠ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠵᠦ ᠶᠦᠩ ᠰᠢᠨ ᠲᠠᠢ ᠪᠠᠷᠠᠳᠠᠨ ᠠᠭᠤᠯᠵᠠᠪᠠ ᠃

ᠰᠤᠷᠪᠤᠯᠵᠢᠯᠠᠬᠴᠢ   ᠮᠠ ᠵᠢᠶᠠᠨ ᠴᠢᠤᠸᠠᠨ ᠰᠡᠭᠦᠳᠡᠷᠯᠡᠪᠡ

 

      ᠼᠠᠢ ᠳ᠋ᠠ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ ᠂ ᠣᠶᠢᠷ᠎ᠠ ᠶᠢᠨ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠣᠷᠣᠨ ᠳᠠᠶᠠᠭᠠᠷ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠡᠷᠡᠮᠡᠬᠡᠶᠢᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠭᠦᠨᠵᠡᠭᠡᠢ ᠨᠠᠷᠢᠯᠢᠭ ᠠᠵᠢᠯᠯᠠᠵᠤ ᠂ ᠡᠯ᠎ᠡ ᠵᠦᠢᠯ ᠤᠨ ᠠᠵᠢᠯ ᠰᠠᠶᠢᠨ ᠦᠷ᠎ᠡ ᠪᠦᠲᠦᠮᠵᠢ ᠣᠯᠪᠠ ᠃ ᠡᠨᠡ ᠤᠳᠠᠭ᠎ᠠ ᠥᠪᠥᠷ ᠮᠣᠩᠭᠤᠯ ᠳᠤ ᠢᠷᠡᠭᠡᠳ ᠪᠢᠳᠡ ᠥᠪᠥᠷ ᠮᠣᠩᠭᠤᠯ ᠤᠨ ᠬᠥᠭᠵᠢᠯᠲᠡ ᠬᠤᠪᠢᠷᠠᠯᠲᠠ ᠪᠣᠯᠣᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠦᠨᠡᠨ ᠬᠦ ᠮᠡᠳᠡᠷᠡᠵᠦ ᠂ ᠥᠪᠥᠷ ᠮᠣᠩᠭᠤᠯ ᠤᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ ᠃ ᠥᠪᠥᠷ ᠮᠣᠩᠭᠤᠯ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠮᠥᠨ ᠂ ᠨᠢᠭᠡᠳᠦᠮᠡᠯ ᠹᠷᠣᠨᠲ ᠤᠨ ᠠᠵᠢᠯ ᠤᠨ ᠴᠢᠬᠤᠯᠠ ᠦᠢᠯᠡᠳᠦᠯᠭᠡ ᠶᠢᠨ ᠭᠠᠵᠠᠷ ᠮᠥᠨ ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠠᠬᠢᠭᠤᠯᠬᠤ ᠲᠠᠯ᠎ᠠ ᠪᠠᠷ ᠪᠠᠶᠠᠯᠢᠭ ᠲᠤᠷᠰᠢᠯᠭ᠎ᠠ ᠬᠤᠷᠠᠮᠳᠤᠭᠤᠯᠵᠠᠢ ᠃ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠤᠨ ᠬᠥᠭᠵᠢᠯᠲᠡ ᠶᠢ ᠳᠡᠮᠵᠢᠵᠦ ᠂ ᠬᠠᠮᠲᠤ ᠪᠠᠷ ᠴᠢᠷᠮᠠᠶᠢᠵᠤ ᠪᠠᠶᠢᠭᠠᠳ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠬᠡᠯᠡᠪᠡ ᠃

      ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠦᠷᠦ ᠶᠢᠨ ᠵᠥᠪᠯᠡᠯᠭᠡᠨ ᠤ ᠡᠮᠦᠨ᠎ᠡ ᠠᠴᠠ ᠼᠠᠢ ᠳ᠋ᠠ ᠹᠧᠩ ᠂ ᠵᠦ ᠶᠦᠩ ᠰᠢᠨ ᠨᠠᠷ ᠢ ᠪᠠᠶᠠᠷᠯᠠᠨ ᠤᠭᠲᠤᠵᠤ ᠂ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠶᠡᠷᠦᠩᠬᠡᠢ ᠱᠦᠵᠢ ᠰᠢ  ᠶᠢᠨ ᠫᠢᠩ ᠥᠪᠥᠷ ᠮᠣᠩᠭᠤᠯ ᠤᠨ ᠬᠥᠭᠵᠢᠯᠲᠡ ᠶᠢ ᠲᠤᠶᠢᠯ ᠢᠶᠠᠷ ᠬᠠᠯᠠᠮᠵᠢᠯᠠᠵᠤ ᠂ ᠥᠪᠥᠷ ᠮᠣᠩᠭᠤᠯ ᠤᠨ ᠠᠵᠢᠯ ᠳᠤ ᠤᠯᠠᠨ ᠤᠳᠠᠭ᠎ᠠ ᠴᠢᠬᠤᠯᠠ ᠵᠢᠭᠠᠪᠤᠷᠢ ᠥᠭᠪᠡ ᠃ ᠣᠳᠣᠬᠠᠨ ᠳᠤ ᠂ ᠣᠷᠣᠨ ᠳᠠᠶᠠᠭᠠᠷ ᠶᠡᠷᠦᠩᠬᠡᠢ ᠱᠦᠵᠢ ᠶᠢᠨ ᠵᠢᠭᠠᠭᠰᠠᠨ ᠴᠢᠭᠯᠡᠯ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ ᠂ ︽ ᠲᠠᠪᠤᠨ ᠶᠡᠭᠡ ᠡᠭᠦᠷᠭᠡ ︾ ᠶᠢ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠰᠠᠶᠢᠲᠤᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠲᠡᠰᠪᠦᠷᠢ ᠬᠠᠲᠠᠭᠤᠵᠢᠯᠲᠠᠢ ᠲᠡᠮᠡᠴᠡᠨ ᠰᠢᠨ᠎ᠡ ᠵᠠᠮ ᠨᠡᠭᠡᠭᠡᠵᠦ ᠂ ᠴᠤᠴᠠᠯᠲᠠ ᠦᠭᠡᠢ ᠤᠷᠤᠭᠰᠢᠯᠠᠵᠤ ᠳᠤᠮᠳᠠ ᠲᠦᠪᠰᠢᠨ ᠳᠤ ᠣᠷᠣᠬᠤ ᠪᠠᠷ ᠴᠢᠷᠮᠠᠶᠢᠵᠤ ᠪᠠᠶᠢᠨ᠎ᠠ ᠃ ᠡᠨᠡ ᠵᠢᠯ ᠂ ᠪᠢᠳᠡ ︽ ᠲᠠᠪᠤᠨ ᠶᠡᠭᠡ ᠡᠭᠦᠷᠭᠡ ︾ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠂ ︽ ᠵᠢᠷᠭᠤᠭᠠᠨ ᠢᠨᠵᠧᠨᠧᠷᠢᠩ ︾ ᠢ ᠭᠤᠣᠯᠳᠠᠯᠭ᠎ᠠ ᠲᠠᠢ ᠪᠠᠶᠢᠷᠢᠯᠠᠭᠤᠯᠵᠤ ᠂ ᠡᠯ᠎ᠡ ᠵᠦᠢᠯ ᠤᠨ ᠠᠵᠢᠯ ᠢ ᠶᠠᠭ ᠯᠠᠪᠳᠠᠭᠤᠨ ᠪᠠᠲᠤᠲᠠᠢ ᠬᠦᠴᠦᠲᠡᠢ ᠠᠬᠢᠭᠤᠯᠵᠤ ᠪᠠᠶᠢᠨ᠎ᠠ ᠃ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠨᠡᠩ ᠤᠯᠠᠨ ᠬᠠᠯᠠᠮᠵᠢᠯᠠᠯ ᠪᠠ ᠳᠡᠮᠵᠢᠯᠭᠡ ᠦᠵᠡᠭᠦᠯᠵᠦ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠡᠷᠬᠢᠮ ᠨᠠᠨᠳᠢᠨ ᠰᠠᠨᠠᠯ ᠢᠶᠠᠨ ᠢᠯᠡᠭᠦᠬᠡᠨ ᠳᠤᠷᠠᠳᠴᠤ ᠂ ᠪᠢᠳᠡᠨ ᠢ ᠬᠠᠪᠰᠤᠷᠤᠨ ᠠᠵᠢᠯ ᠢ ᠨᠡᠩ ᠰᠠᠶᠢᠲᠤᠷ ᠬᠢᠬᠦ ᠶᠢ ᠬᠦᠰᠡᠵᠦ ᠪᠠᠶᠢᠨ᠎ᠠ ᠃ ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠥᠪᠥᠷ ᠮᠣᠩᠭᠤᠯ ᠳᠤ ᠠᠵᠢᠯ ᠥᠷᠨᠢᠭᠦᠯᠬᠦ ᠳᠤ ᠪᠢᠳᠠ ᠯᠠᠪᠲᠠᠢ ᠦᠢᠯᠡᠴᠢᠯᠡᠭᠡ ᠪᠠᠲᠤᠯᠠᠭ᠎ᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠬᠢᠨ᠎ᠡ ᠭᠡᠵᠦ ᠬᠡᠯᠡᠪᠡ ᠃

      ᠲᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠢᠦᠢ ᠳ᠋ᠦᠩ ᠂ ᠸᠠᠩ ᠭᠠᠩ ᠂ ᠲᠤᠤ ᠺᠠᠢ ᠶᠤᠸᠠᠨ ᠂ ᠬᠤᠸᠠᠩ ᠵᠧᠨ ᠂ ᠯᠢ ᠮᠠ ᠯᠢᠨ ᠂ ᠯᠢᠦ ᠺᠤᠸᠠᠨ ᠷᠧᠨ ᠂ ᠾᠧ ᡁᠢ ᠮᠢᠨ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠦᠦᠳᠠᠭᠤᠯᠠ ᠂ ᠢᠦᠢ ᠯᠢ ᠰᠢᠨ ᠂ ᠵᠠᠩ ᠱᠤᠤ ᠴᠦᠨ ᠂ ᠰᠦᠨ ᠵᠢᠶᠦ᠋ᠨ ᠴᠢᠩ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ