ᠲᠣᠭᠲᠠᠭᠤᠨ ᠢᠶᠠᠷ ᠨᠡᠮᠡᠭᠳᠡᠪᠡ︕ ᠥᠪᠥᠷ ᠮᠣᠩᠭᠤᠯ ᠤᠨ 1 — 5 ᠳ᠋ᠤᠭᠠᠷ ᠰᠠᠷ᠎ᠠ ᠶᠢᠨ ᠠᠵᠤ ᠠᠬᠤᠶ ᠶᠢᠨ ᠲᠤᠭ᠎ᠠ ᠪᠠᠷᠢᠮᠲᠠ ᠲᠣᠳᠣᠷᠠᠪᠠ
ᠨᠡᠶᠢᠲᠡᠯᠡᠭᠰᠡᠨ ᠴᠠᠭ᠄
2024/6/21

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠭᠡᠯ ᠤᠨ ᠲᠣᠪᠴᠢᠶ᠎ᠠ ᠶᠢᠨ 6 ᠳ᠋ᠤᠭᠠᠷ ᠰᠠᠷ᠎ᠠ ᠶᠢᠨ 19 ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠪᠦᠬᠦ ᠣᠷᠣᠨ ᠤ 1—5 ᠳ᠋ᠤᠭᠠᠷ ᠰᠠᠷ᠎ᠠ ᠶᠢᠨ ᠠᠵᠤ ᠠᠬᠤᠢ ᠲᠣᠭᠲᠠᠭᠤᠨ ᠢᠶᠠᠷ ᠨᠡᠮᠡᠭᠳᠡᠪᠡ᠃

      ᠡᠨᠡ ᠵᠢᠯ ᠠᠴᠠ ᠨᠠᠭᠠᠰᠢ᠂ ᠣᠷᠣᠨ ᠳᠠᠶᠠᠭᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠲᠣᠭᠲᠠᠭᠤᠨ ᠨᠡᠮᠡᠭᠳᠡᠯ ᠢ ᠪᠠᠲᠤᠯᠠᠪᠠ᠃

    1.ᠠᠵᠤ ᠣᠢᠢᠯᠠᠣᠠᠪᠤᠷᠢ ᠳᠣᠬᠲᠠᠭᠤᠠ ᠨᠡᠮᠡᠭᠳᠡᠯ ᠢᠶᠠᠨ ᠪᠠᠲᠤᠯᠠᠵᠤ᠂ ᠲᠣᠨᠤᠭ ᠲᠥᠬᠦᠭᠡᠷᠦᠮᠵᠢ ᠣᠢᠢᠯᠠᠣᠠᠭᠦ ᠦᠢᠯᠡᠰ ᠪᠠ ᠲᠠᠭᠡᠲᠤ ᠮᠠᠷᠭᠡᠵᠢᠯ ᠤᠨ ᠣᠢᠢᠯᠠᠣᠠᠭᠦ ᠣᠢᠢᠯᠠᠰ ᠤᠨ ᠨᠡᠮᠡᠭᠳᠡᠯ ᠨᠠᠯᠢᠶᠠᠣᠠ ᠰᠠᠶᠢᠠ ᠪᠠᠶᠢᠨ᠎ᠠ

      1—5 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠪᠡ᠃ ᠭᠤᠷᠪᠠᠨ ᠲᠣᠮᠣ ᠲᠥᠷᠥᠯ ᠬᠤᠪᠢᠶᠠᠪᠠᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠵᠦ᠂ ᠦᠢᠯᠡᠳᠬᠦ ᠦᠢᠯᠡᠰ 11.4% ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 11.8% ᠪᠠᠷ ᠨᠡᠮᠡᠭᠳᠡᠪᠡ᠃ ᠡᠭᠦᠨ ᠳᠤ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠥᠷᠲᠡᠭ 51.3% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 35.0% ᠪᠠᠷ ᠨᠡᠮᠡᠭᠳᠡᠪᠡ᠃ ᠠᠵᠤ ᠠᠬᠤᠶ ᠶᠢᠨ ᠲᠦᠷᠦᠯ ᠬᠡᠯᠪᠡᠷᠢ ᠪᠠᠷ ᠬᠤᠪᠢᠶᠠᠪᠠᠯ᠂ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠵᠦ᠂ ᠬᠤᠪᠢᠴᠠᠭᠠᠲᠤ ᠳᠦᠷᠢᠮ ᠤᠨ ᠠᠵᠤ ᠠᠬᠤᠶᠢᠯᠠᠯ 7.3% ᠪᠠᠷ ᠨᠡᠮᠡᠭᠳᠡᠵᠦ᠂ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠪᠡᠯᠡ ᠣᠷᠣᠭᠤᠯᠤᠭᠰᠠᠨ ᠠᠵᠤ ᠠᠬᠤᠶᠢᠯᠠᠯ 7.5% ᠪᠠᠷ ᠨᠡᠮᠡᠭᠳᠡᠵᠦ᠂ ᠬᠤᠪᠢ ᠶᠢᠨ ᠠᠵᠤ ᠠᠬᠤᠶᠢᠯᠠᠯ 5.6% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠤᠯ ᠪᠣᠯᠬᠤ ᠦᠢᠯᠡᠳᠬᠦᠨ ᠠᠴᠠ ᠦᠵᠡᠪᠡᠯ᠂ ᠲᠦᠭᠦᠬᠡᠶ ᠨᠡᠭᠦᠷᠡᠰᠦᠨ ᠤ ᠭᠠᠷᠤᠯᠲᠠ 5.3 ᠳ᠋ᠦᠩᠰᠢᠭᠤᠷ ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 3221.0 ᠳ᠋ᠦᠩᠰᠢᠭᠤᠷ ᠺᠢᠯᠣᠸᠠᠲ ᠴᠠᠭ ᠪᠠᠶᠢᠵᠤ᠂ 11.7% ᠪᠠᠷ ᠨᠡᠮᠡᠭᠳᠡᠪᠡ᠃ ᠡᠭᠦᠨ ᠳᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠡ 665.9 ᠳ᠋ᠦᠩᠰᠢᠭᠤᠷ ᠺᠢᠯᠣᠸᠠᠲ ᠴᠠᠭ ᠪᠠᠶᠢᠵᠤ᠂ 15.5% ᠪᠠᠷ ᠨᠡᠮᠡᠭᠳᠡᠪᠡ︔ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠤᠪᠣᠷ ᠰᠢᠷᠣᠶ ᠶᠢᠨ ᠨᠢᠭᠡᠳᠪᠦᠷᠢ ᠶᠢᠨ ᠭᠠᠷᠤᠯᠲᠠ ᠲᠣᠰ ᠲᠣᠰ 62.1%᠂ 97.5% ᠪᠠ 164.3% ᠪᠠᠷ ᠨᠡᠮᠡᠭᠳᠡᠪᠡ᠃

      2.ᠳᠣᠭᠲᠠᠮᠠᠯ ᠬᠦᠷᠣᠩᠭᠡ ᠶᠢᠨ ᠪᠠᠯᠠ ᠣᠷᠣᠭᠤᠯᠣᠯᠲᠠ ᠨᠠᠯᠢᠶᠠᠣᠠ ᠲᠥᠷᠭᠡᠨ ᠢᠶᠠᠷ ᠨᠡᠮᠡᠭᠳᠡᠵᠦ᠂ ᠨᠢᠭᠡᠲᠣᠭᠡᠷ ᠠᠵᠤ ᠣᠢᠢᠯᠠᠰ ᠤᠨ ᠪᠠᠯᠠ ᠣᠷᠣᠭᠤᠯᠣᠯᠲᠠ ᠲᠠᠭᠢᠠ ᠢᠶᠠᠷ ᠨᠡᠮᠡᠭᠳᠡᠪᠡ

     1—5 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠪᠠᠷ ᠬᠤᠪᠢᠶᠠᠪᠠᠯ᠂ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ 5.4% ᠪᠠᠷ ᠨᠡᠮᠡᠭᠳᠡᠪᠡ︔ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 21.2% ᠢᠶᠠᠷ ᠨᠡᠮᠡᠭᠳᠡᠪᠡ︔ ᠡᠭᠦᠨ ᠳᠤ᠂  ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠪᠠᠯᠠ ᠣᠷᠣᠭᠤᠯᠤᠯᠲᠠ 20.0% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 2.3% ᠪᠠᠷ ᠪᠠᠭᠤᠷᠠᠪᠠ᠃ ᠠᠵᠤ ᠦᠢᠯᠡᠰ ᠢᠶᠠᠷ ᠬᠤᠪᠢᠶᠠᠪᠠᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 111.1% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 15.5% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 7.4% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠲᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 15.2 % ᠢᠶᠠᠷ ᠨᠡᠮᠡᠭᠳᠡᠪᠡ᠃

      3. ᠬᠡᠷᠡᠭᠯᠡᠭᠡᠨ ᠤ ᠵᠠᠬ᠎ᠠ ᠳᠡᠯᠭᠡᠭᠦᠷ ᠶᠡᠷᠦᠩᠬᠡᠶ ᠳᠤ ᠪᠠᠨ ᠰᠠᠶᠢᠵᠢᠷᠠᠵᠤ᠂ ᠬᠡᠰᠡᠭ ᠲᠠᠰ ᠳᠡᠪᠰᠢᠭᠦᠯᠬᠦ ᠲᠥᠷᠥᠯ ᠤᠨ ᠲᠠᠸᠠᠷ ᠤᠨ ᠪᠣᠷᠣᠯᠠᠭᠤᠯᠭ᠎ᠠ ᠶᠢᠨ ᠨᠡᠮᠡᠭᠳᠡᠯ ᠰᠠᠶᠢᠨ ᠪᠠᠶᠢᠨ᠎ᠠ

       1—5 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠤᠭᠰᠠᠨ ᠪᠥᠬᠦ ᠲᠤᠭ᠎ᠠ 2104.1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.5% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ 10.5% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠣᠷᠤᠯᠠᠭᠤᠯᠤᠭᠰᠠᠨ ᠬᠡᠮᠵᠢᠶ᠎ᠡ 1.6% ᠪᠠᠷ ᠨᠡᠮᠡᠭᠳᠡᠪᠡ᠃ ᠡᠵᠡᠩᠨᠡᠯᠲᠡ ᠶᠢᠨ ᠪᠠᠶᠢᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠤᠭᠰᠠᠨ ᠲᠤᠭ᠎ᠠ 2.4% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠤᠭᠰᠠᠨ ᠲᠤᠭ᠎ᠠ 3.6% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠪᠣᠷᠣᠯᠠᠭᠤᠯᠭ᠎ᠠ ᠰᠠᠶᠢᠨ ᠪᠠᠶᠢᠵᠤ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠠᠮᠤ ᠲᠣᠰᠣ᠂ ᠢᠳᠡᠭᠡᠨ ᠤ ᠲᠥᠷᠥᠯ ᠤᠨ ᠲᠠᠸᠠᠷ ᠢ ᠵᠢᠵᠢᠭᠯᠡᠨ ᠪᠣᠷᠤᠯᠠᠭᠤᠯᠤᠭᠰᠠᠨ ᠬᠡᠮᠵᠢᠶ᠎ᠡ 19.8% ᠪᠠᠷ ᠨᠡᠮᠡᠭᠳᠡᠵᠦ᠂ ᠤᠮᠳᠠᠭᠠᠨ ᠤ ᠲᠥᠷᠥᠯ 25.3% ᠪᠠᠷ ᠨᠡᠮᠡᠭᠳᠡᠵᠦ᠂ ᠡᠳᠦᠷ ᠲᠤᠲᠤᠮ ᠤᠨ ᠬᠡᠷᠡᠭᠯᠡᠭᠡᠨ ᠤ ᠵᠦᠢᠯ 14.9% ᠪᠠᠷ ᠨᠡᠮᠡᠭᠳᠡᠪᠡ᠃ ᠳᠡᠰ ᠳᠡᠪᠰᠢᠭᠦᠯᠬᠦ ᠲᠥᠷᠥᠯ ᠤᠨ ᠲᠠᠸᠠᠷ ᠤᠨ ᠪᠣᠷᠤᠯᠠᠭᠤᠯᠭ᠎ᠠ ᠨᠡᠯᠢᠶᠡᠳ ᠲᠦᠷᠭᠡᠨ ᠢᠶᠠᠷ ᠨᠡᠮᠡᠭᠳᠡᠵᠦ᠂ ᠬᠢᠵᠠᠭᠠᠷᠲᠤ ᠨᠣᠷᠮ᠎ᠠ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ 63.8% ᠪᠠᠷ ᠨᠡᠮᠡᠭᠳᠡᠵᠦ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ 80.4% ᠪᠠᠷ ᠨᠡᠮᠡᠭᠳᠡᠵᠦ᠂ ᠪᠡᠶ᠎ᠡ ᠶᠢᠨ ᠲᠠᠮᠢᠷ᠂ ᠵᠤᠭ᠎ᠠ ᠴᠡᠩᠭᠡᠯ ᠤᠨ ᠬᠡᠷᠡᠭᠯᠡᠭᠡᠨ ᠤ ᠵᠦᠢᠯᠡᠰ ᠤᠨ ᠲᠥᠷᠥᠯ 67.8% ᠪᠠᠷ ᠨᠡᠮᠡᠭᠳᠡᠪᠡ᠃

      4.ᠰᠠᠭᠤᠭᠠᠯᠢ ᠠᠷᠠᠣᠠ ᠤᠨ ᠬᠡᠷᠡᠭᠯᠡᠭᠡᠨ ᠤ ᠣᠢᠨ᠎ᠠ ᠬᠠᠩᠰᠢ ᠠᠭᠠᠵᠢᠮ ᠢᠶᠠᠷ ᠣᠢᠰᠴᠤ᠂ ᠠᠵᠤ ᠣᠢᠢᠯᠠᠣᠠᠪᠤᠷᠢ ᠶᠢᠨ ᠦᠢᠯᠡᠳᠪᠦᠷᠢᠯᠡᠭᠴᠢᠳ ᠤᠨ ᠣᠢᠨ᠎ᠠ ᠬᠠᠩᠰᠢ ᠶᠢᠨ ᠪᠠᠭᠤᠷᠠᠯᠲᠠ ᠪᠠᠭᠠᠰᠪᠠ

     1—5 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠠᠳᠠᠯᠢ ᠬᠤᠭᠤᠴᠠᠭᠠᠨ ᠤ ᠬᠢ ᠠᠴᠠ 0.2% ᠢᠶᠠᠷ ᠥᠰᠴᠡᠶ᠂ ᠡᠭᠦᠨ ᠳᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.2% ᠢᠶᠠᠷ ᠥᠰᠴᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ 0.1% ᠪᠠᠷ ᠥᠰᠴᠡᠶ᠃ ᠲᠦᠷᠦᠯ ᠬᠤᠪᠢᠶᠠᠪᠠᠯ᠂ ᠢᠳᠡᠭᠡᠨ ᠪᠠ ᠠᠷᠢᠬᠢ ᠲᠠᠮᠠᠬᠢᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 2.0% ᠢᠶᠠᠷ ᠪᠠᠭᠤᠷᠠᠵᠤ᠂ ᠬᠤᠪᠴᠠᠰᠤ ᠬᠤᠨᠠᠷ ᠤᠨ ᠦᠨ᠎ᠡ ᠬᠠᠩᠰᠢ 1.7% ᠪᠠᠷ ᠥᠰᠴᠦ᠂ ᠣᠷᠣᠨ ᠰᠠᠭᠤᠴᠠ ᠶᠢᠨ ᠦᠨ᠎ᠡ ᠬᠠᠩᠰᠢ 0.2% ᠢᠶᠠᠷ ᠥᠰᠴᠦ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠦᠨ᠎ᠡ ᠬᠠᠩᠰᠢ 2.6% ᠪᠠᠷ ᠥᠰᠴᠦ᠂ ᠵᠠᠮ ᠬᠠᠷᠢᠯᠴᠠᠭ᠎ᠠ ᠪᠠ ᠴᠢᠮᠡᠭᠡ ᠬᠤᠯᠪᠣᠭᠠᠨ ᠤ ᠦᠨ᠎ᠡ ᠬᠠᠩᠰᠢ 0.1% ᠪᠠᠷ ᠥᠰᠴᠦ᠂ ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠦᠨ᠎ᠡ ᠬᠠᠩᠰᠢ 0.3% ᠪᠠᠷ ᠥᠰᠴᠦ᠂ ᠡᠮᠴᠢᠯᠡᠭᠡ ᠡᠷᠡᠭᠦᠯ ᠮᠡᠨᠳᠦ ᠶᠢᠨ ᠬᠠᠮᠠᠭᠠᠯᠠᠯ ᠤᠨ ᠦᠨ᠎ᠡ ᠬᠠᠩᠰᠢ 0.3% ᠪᠠᠷ ᠥᠰᠴᠦ᠂ ᠪᠤᠰᠤᠳ ᠡᠳ᠋ᠯᠡᠯ ᠬᠡᠷᠡᠭᠰᠡᠯ ᠪᠣᠯᠤᠨ ᠦᠢᠯᠡᠴᠢᠯᠡᠭᠡᠨ ᠤ ᠦᠨ᠎ᠡ ᠬᠠᠩᠰᠢ 5.1% ᠪᠠᠷ ᠥᠰᠴᠢ᠃ 1—5 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ︵CPI︶ ᠨᠡᠶᠢᠲᠡ 0.6% ᠪᠠᠷ ᠥᠰᠴᠦ᠂ ᠨᠡᠮᠡᠭᠳᠡᠯ ᠤᠨ ᠬᠡᠮᠵᠢᠶ᠎ᠡ ᠨᠢ 1—4 ᠳ᠋ᠦ᠋ᠭᠡᠷ ᠰᠠᠷ᠎ᠠ ᠶᠢᠨ ᠬᠢ ᠠᠴᠠ 0.1 ᠵᠠᠭᠤᠨ ᠤ ᠴᠡᠭ ᠪᠠᠭᠤᠷᠠᠪᠠ︔ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ ᠭᠠᠷᠭᠠᠬᠤ ᠦᠨ᠎ᠡ ᠨᠡᠶᠢᠲᠡ 6.2% ᠢᠶᠠᠷ ᠪᠠᠭᠤᠷᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠬᠤᠳᠠᠯᠳᠤᠨ ᠠᠪᠬᠤ ᠦᠨ᠎ᠡ ᠨᠡᠶᠢᠲᠡ 4.8% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠣᠰ ᠲᠣᠰ 1—4 ᠳ᠋ᠦ᠋ᠭᠡᠷ ᠰᠠᠷ᠎ᠠ ᠶᠢᠨ ᠬᠢ ᠠᠴᠠ 0.8 ᠪᠠ 0.9 ᠵᠠᠭᠤᠨ ᠤ ᠴᠡᠭ ᠪᠠᠭᠠᠰᠪᠠ᠃

      ᠶᠡᠷᠦᠩᠬᠡᠶ ᠳᠤ ᠨᠢ ᠠᠪᠴᠤ ᠦᠵᠡᠪᠡᠯ᠂ 1—5 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠠᠬᠤᠶ ᠶᠢᠨ ᠠᠵᠢᠯᠯᠠᠭᠠᠨ ᠲᠣᠭᠲᠠᠭᠤᠨ ᠢᠶᠠᠨ ᠪᠠᠲᠤᠯᠠᠵᠤ᠂ ᠠᠵᠤ ᠦᠢᠯᠡᠳᠪᠦᠷᠢ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠴᠥᠮ ᠲᠣᠭᠲᠠᠭᠤᠨ ᠢᠶᠠᠷ ᠨᠡᠮᠡᠭᠳᠡᠵᠦ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠪᠠᠷ ᠠᠬᠢᠭᠤᠯᠪᠠ᠃ ᠳᠠᠷᠠᠭᠠᠴᠢ ᠶᠢᠨ ᠱᠠᠲᠤᠨ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠵᠤ᠂ ᠤᠷᠢᠳᠴᠢᠯᠠᠨ ᠬᠦᠴᠦᠯᠡᠵᠦ ᠪᠠᠶᠢᠭᠠᠳ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠪᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠠᠬᠤᠢ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠦᠨ ᠴᠢᠩᠭᠠᠳᠬᠠᠵᠤ᠂ ᠪᠦᠬᠦ ᠣᠷᠣᠨ ᠤ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ