ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ︾ ᠬᠦᠷᠲᠡᠭᠰᠡᠳ ᠢ ᠰᠠᠶᠢᠰᠢᠶᠠᠨ ᠬᠥᠬᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ
ᠨᠡᠶᠢᠲᠡᠯᠡᠭᠰᠡᠨ ᠴᠠᠭ᠄
2024/6/21

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

                     ᠥᠪᠥᠷ ᠵᠠᠰᠠᠭ ᠦᠰᠦᠭ 〔2024〕 8 ᠳ᠋ᠤᠭᠠᠷ ᠲᠣᠭᠠᠲᠤ


      ᠠᠩᠬᠠᠳᠤᠭᠠᠷ ᠬᠤᠭᠤᠴᠠᠭᠠᠨ ᠤ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ ︾ ᠬᠦᠷᠲᠡᠭᠰᠡᠳ ᠢ

      ᠰᠠᠶᠢᠰᠢᠶᠠᠨ ᠬᠥᠬᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠪᠲᠡᠷᠡᠭᠦᠯᠭᠡ


ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

      ᠤᠷ᠎ᠠ ᠮᠡᠷᠭᠡᠰᠢᠯᠳᠦ ᠴᠢᠳᠠᠪᠤᠷᠢᠲᠠᠨ ᠪᠣᠯ ᠴᠢᠳᠠᠪᠤᠷᠢᠲᠠᠨ ᠤ ᠡᠩᠨᠡᠭᠡ ᠶᠢᠨ ᠴᠢᠬᠤᠯᠠ ᠪᠦᠷᠢᠯᠳᠦᠭᠦᠨ ᠬᠡᠰᠡᠭ ᠮᠥᠨ ᠂ ᠳᠤᠮᠳᠠᠳᠤ ᠤᠯᠤᠰ ᠤᠨ ᠦᠢᠯᠡᠳᠬᠡᠯ ᠂ ᠳᠤᠮᠳᠠᠳᠤ ᠤᠯᠤᠰ ᠤᠨ ᠡᠭᠦᠳᠦᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠪᠣᠯᠣᠨ᠎ᠠ ᠃ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠂ ᠨᠢᠭᠡ ᠪᠦᠯᠦᠭ ᠳᠡᠭᠡᠳᠦ ᠤᠷ᠎ᠠ ᠮᠡᠷᠬᠡᠰᠢᠯᠲᠦ ᠴᠢᠳᠠᠪᠤᠷᠢᠲᠠᠨ ᠤ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ ᠂ ᠬᠥᠳᠡᠯᠮᠦᠷᠢ ᠢᠷᠠᠭᠤ ᠠᠯᠳᠠᠷᠲᠠᠢ ᠂ ᠤᠷ᠎ᠠ ᠮᠡᠷᠭᠡᠰᠢᠯ ᠡᠷᠬᠢᠮ ᠨᠠᠨᠳᠢᠨ ᠂  ᠡᠭᠦᠳᠦᠯᠲᠡ ᠠᠭᠤᠤ ᠶᠡᠭᠡ ᠬᠡᠮᠡᠭᠰᠡᠨ ᠴᠠᠭ ᠦᠶ᠎ᠡ ᠶᠢᠨ ᠬᠡᠪ ᠰᠤᠷᠲᠠᠯ ᠢ ᠪᠠᠳᠠᠷᠠᠭᠤᠯᠤᠨ ᠂ ᠪᠥᠬᠦ ᠣᠷᠣᠨ ᠤ ᠤᠷ᠎ᠠ ᠮᠡᠷᠬᠡᠰᠢᠯᠲᠦ ᠴᠢᠳᠠᠪᠤᠷᠢᠲᠠᠨ ᠤ ᠡᠷᠡᠮᠡᠬᠡᠶᠢᠯᠡᠨ ᠤᠷᠤᠭᠰᠢᠯᠠᠵᠤ ᠂ ᠭᠠᠪᠢᠶ᠎ᠠ ᠪᠠᠶᠢᠭᠤᠯᠤᠨ ᠦᠢᠯᠡᠰ ᠴᠣᠭᠴᠠᠯᠠᠬᠤ ᠶᠢ ᠬᠥᠲᠥᠯᠥᠨ ᠵᠢᠯᠤᠭᠤᠳᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ ︾ ᠢ ᠲᠣᠬᠢᠷᠠᠭᠤᠯᠵᠤ ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠳᠡᠭᠡᠳᠦ ᠤᠷ᠎ᠠ ᠮᠡᠷᠭᠡᠰᠢᠯᠳᠦ ᠴᠢᠳᠠᠪᠤᠷᠢᠲᠠᠨ ᠢ ᠰᠠᠶᠢᠰᠢᠶᠠᠨ ᠬᠥᠬᠢᠭᠦᠯᠬᠦ ᠳᠤ ᠲᠣᠬᠢᠷᠠᠭᠤᠯᠤᠨ ᠬᠡᠷᠡᠭᠯᠡᠬᠦ ᠪᠠᠷ ᠪᠣᠯᠪᠠ ᠃ ᠬᠢᠨᠠᠨ ᠦᠨᠡᠯᠡᠵᠦ ᠵᠠᠷᠯᠠᠨ ᠨᠡᠶᠢᠲᠡᠯᠡᠬᠦ ᠵᠡᠷᠭᠡ ᠭᠤᠭᠴᠤᠭ᠎ᠠ ᠪᠠᠷ ᠳᠠᠮᠵᠢᠭᠠᠳ ᠂ ᠵᠠᠩ ᠸᠧᠨ ᠪᠢᠨ ᠵᠡᠷᠭᠡ 10 ᠬᠥᠮᠥᠨ ᠢ ᠰᠠᠶᠢᠰᠢᠶᠠᠨ ᠬᠥᠬᠢᠭᠦᠯᠵᠦ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠤᠷ᠎ᠠ ᠮᠡᠷᠭᠡᠰᠢᠯ ᠤᠨ ᠱᠠᠩᠨᠠᠯ ︾ ᠤᠨ ᠴᠣᠯᠠ ᠣᠯᠭᠤᠬᠤ ᠪᠠᠷ ᠲᠣᠭᠲᠠᠪᠠ ᠃

      ᠰᠠᠶᠢᠰᠢᠶᠠᠨ ᠬᠥᠬᠢᠭᠦᠯᠦᠭᠳᠡᠭᠰᠡᠨ ᠬᠥᠮᠥᠰ ᠢᠷᠠᠭᠤ ᠠᠯᠳᠠᠷ ᠢᠶᠠᠨ ᠨᠠᠨᠳᠢᠩᠨᠠᠵᠤ ᠂  ᠴᠤᠴᠠᠯᠲᠠ ᠦᠭᠡᠢ  ᠴᠢᠷᠮᠠᠶᠢᠨ ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ ᠂ ᠵᠣᠷᠢᠭᠲᠠᠢ ᠪᠠᠷ ᠰᠢᠨ᠎ᠡ ᠶᠢ ᠡᠭᠦᠳᠦᠨ ᠂ ᠮᠡᠷᠭᠡᠰᠢᠯ ᠤᠯᠠᠮᠵᠢᠯᠠᠨ ᠬᠥᠮᠥᠨ ᠬᠥᠮᠥᠵᠢᠭᠦᠯᠬᠦ ᠳᠤ ᠪᠠᠨ ᠴᠢᠳᠠᠮᠠᠭᠠᠶᠢᠷᠠᠨ ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ ᠂ ᠰᠢᠨ᠎ᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠃ ᠡᠭᠦᠨ ᠤ ᠬᠠᠮᠲᠤ ᠂ ᠪᠥᠬᠦ ᠣᠷᠣᠨ ᠤ ᠥᠷᠭᠡᠨ ᠣᠯᠠᠨ ᠬᠥᠳᠡᠯᠮᠦᠷᠢᠴᠢᠳ ᠢ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ ︾ ᠬᠦᠷᠲᠡᠭᠴᠢ ᠪᠠᠷ ᠳᠠᠭᠤᠷᠢᠶᠠᠯ ᠪᠣᠯᠭᠠᠵᠤ ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ ᠂ ᠭᠠᠪᠰᠢᠭᠠᠶᠢᠯᠠᠵᠤ ᠭᠠᠷᠮᠠᠭᠠᠶᠢᠯᠠᠬᠤ ᠶᠢ ᠬᠥᠭᠡᠭᠡᠴᠡᠯᠳᠦᠨ ᠂ ᠤᠷ᠎ᠠ ᠮᠡᠷᠭᠡᠰᠢᠯ ᠢᠶᠠᠷ ᠢᠶᠠᠨ ᠴᠢᠳᠠᠪᠤᠷᠢᠵᠢᠵᠤ ᠂ ᠤᠷ᠎ᠠ ᠮᠡᠷᠭᠡᠰᠢᠯ ᠢᠶᠠᠷ ᠢᠶᠠᠨ ᠤᠯᠤᠰ ᠲᠤ ᠪᠠᠨ ᠵᠢᠳᠬᠦᠯ ᠭᠠᠷᠭᠠᠬᠤ ᠵᠠᠮ ᠢᠶᠠᠷ ᠵᠠᠮᠨᠠᠭᠤᠯᠬᠤ ᠪᠠᠷ ᠤᠷᠢᠶᠠᠯᠠᠵᠤ ᠪᠠᠶᠢᠨ᠎ᠠ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠨᠢ ᠤᠷ᠎ᠠ ᠮᠡᠷᠭᠡᠰᠢᠯᠳᠦ ᠴᠢᠳᠠᠪᠤᠷᠢᠲᠠᠨ ᠢ ᠬᠥᠮᠥᠵᠢᠭᠦᠯᠬᠦ ᠂ ᠬᠡᠷᠡᠭᠯᠡᠬᠦ ᠂ ᠦᠨᠡᠯᠡᠬᠦ ᠂ ᠤᠷᠮᠠᠰᠢᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠨᠡᠩ ᠤᠯᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠤᠷ᠎ᠠ ᠮᠡᠷᠭᠡᠰᠢᠯᠳᠦ ᠴᠢᠳᠠᠪᠤᠷᠢᠲᠠᠨ ᠂  ᠬᠠᠰᠢᠷ ᠭᠠᠷ ᠤᠷᠠᠨ ᠳᠠᠷᠬᠠᠳ ᠪᠠ ᠲᠣᠮᠣ ᠤᠯᠤᠰ ᠤᠨ ᠤᠷᠠᠨ ᠳᠠᠷᠬᠠᠳ ᠢ ᠬᠥᠮᠥᠵᠢᠭᠦᠯᠵᠦ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ  ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠤᠷ᠎ᠠ ᠮᠡᠷᠭᠡᠰᠢᠯᠳᠦ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ︕

 

      ᠳᠠᠭᠠᠯᠳᠤᠭᠤᠯᠤᠯ ᠄ ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ ︾ ᠬᠦᠷᠲᠡᠭᠰᠡᠳ ᠤᠨ ᠨᠡᠷᠡᠰ

                         2024 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ

                                     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

 

ᠳᠠᠭᠠᠯᠳᠤᠭᠤᠯᠤᠯ

      ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷ᠎ᠠ ᠮᠡᠷᠭᠡᠰᠢᠯ ᠤᠨ ᠱᠠᠩᠨᠠᠯ ︾ ᠬᠦᠷᠲᠡᠭᠰᠡᠳ ᠤᠨ ᠨᠡᠷᠡᠰ


0620附件.png 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ