ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24


      6 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠪᠦᠭᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃

      ᠬᠤᠷᠠᠯ ᠠᠴᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 125 ᠳ᠋ᠤᠭᠠᠷ ᠤᠳᠠᠭ᠎ᠠ ᠶᠢᠨ ᠬᠤᠷᠠᠯ ᠤᠨ ᠱᠠᠭᠠᠷᠳᠠᠯᠭ᠎ᠠ ᠶᠣᠰᠣᠭᠠᠷ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠂ ᠠᠮᠤ ᠪᠤᠳᠠᠭ᠎ᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠲᠣᠭᠲᠠᠭᠠᠵᠤ ᠂ ᠵᠦᠢᠯ ᠳᠠᠷᠠᠭᠠᠯᠠᠨ ᠠᠩᠬᠠᠷᠴᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠱᠠᠭᠠᠷᠳᠠᠯᠭ᠎ᠠ ᠶᠢ ᠤᠯᠠᠮᠵᠢᠯᠠᠵᠤ ᠂ ︽ᠴᠠᠭ ᠢᠮᠠᠭᠲᠠ ᠰᠡᠳᠬᠢᠯ ᠲᠠᠯᠪᠢᠬᠤ ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠂ ᠠᠭᠤᠷᠬᠠᠢ ᠶᠢᠨ ᠠᠮᠤᠷ ᠲᠦᠪᠰᠢᠨ ᠤ ᠨᠠᠢᠮᠠᠨ ᠬᠠᠲᠠᠭᠤ ᠠᠷᠭ᠎ᠠ ᠬᠡᠮᠵᠢᠶ᠎ᠡ ᠶᠢ ᠦᠨᠡᠨ ᠬᠦ ᠴᠢᠩᠭᠠᠳᠬᠠᠨ ᠪᠣᠳᠠᠲᠠᠶᠢᠵᠢᠭᠤᠯᠵᠤ ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠶᠢ ᠰᠠᠶᠢᠲᠤᠷ ᠬᠡᠷᠡᠭᠯᠡᠵᠦ ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠦᠨᠡᠨ ᠬᠦ ᠲᠤᠰᠠᠲᠠᠢ ᠪᠤᠯᠭᠠᠬᠤ ᠬᠡᠷᠡᠭᠲᠡᠢ ᠃ ᠭᠡᠮ ᠰᠣᠭᠤᠭ ᠢ ᠠᠳᠡᠯ ᠢᠶᠠᠷ ᠦᠵᠡᠵᠦ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠵᠤ ᠂ ᠬᠡᠯᠪᠡᠷᠢᠴᠢ ᠦᠵᠡᠯ ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠦᠭᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠪᠦᠭᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯ ᠠᠴᠠ ᠳᠤᠷᠠᠳᠤᠭᠰᠠᠨ ︽ ᠵᠢᠷᠭᠤᠭᠠᠨ ᠭᠤᠶᠢᠪᠢᠰᠢ ᠦᠭᠡᠢ ᠪᠠᠶᠢᠬᠤ ︾ ᠴᠢᠬᠤᠯᠠ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠨᠠᠷᠢᠨ ᠨᠢᠮᠪᠠᠢ ᠲᠥᠯᠥᠪᠵᠢᠭᠦᠯᠵᠦ ᠂ ᠣᠨ ᠬᠤᠪᠢᠶᠠᠨ ᠪᠣᠳᠠᠲᠠᠢ ᠠᠷᠭ᠎ᠠ ᠬᠡᠮᠵᠢᠶ᠎ᠡ ᠳᠤᠷᠠᠳᠴᠤ ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠦᠭᠦ ᠤᠯᠤᠰ ᠤᠨ ᠡᠨᠧᠷᠭᠢ ᠬᠡᠷᠡᠭᠯᠡᠬᠦ ᠤᠷᠭᠢᠯ ᠬᠤᠭᠤᠴᠠᠭ᠎ᠠ ᠳᠤ ᠴᠢᠭᠯᠡᠭᠦᠯᠦᠨ ᠵᠣᠨ ᠤ ᠤᠯᠠᠷᠢᠯ ᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠬᠠᠩᠭᠠᠯᠭ᠎ᠠ ᠶᠢ ᠪᠠᠲᠤᠯᠠᠬᠤ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ ᠂ ᠠᠷᠭ᠎ᠠ ᠬᠡᠮᠵᠢᠶ᠎ᠡ ᠶᠢ ᠪᠣᠳᠠᠲᠠᠢ ᠠᠳᠬᠤᠵᠤ ᠂ ᠣᠨᠣᠴᠠᠲᠠᠢ ᠲᠣᠬᠢᠷᠠᠭᠤᠯᠵᠤ ᠂ ᠢᠯᠴᠢ ᠶᠢᠨ ᠴᠠᠭᠢᠯᠭᠠᠨ ᠤ ᠠᠮᠢᠳᠤᠯᠢᠭ ᠥᠭᠡᠷᠡᠴᠢᠯᠡᠯᠲᠡ ᠪᠠ ᠡᠨᠧᠷᠭᠢ ᠨᠥᠭᠡᠴᠡᠯᠡᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠰᠠᠯᠬᠢᠨ ᠬᠦᠴᠦᠨ ᠤ ᠴᠠᠭᠢᠯᠭᠠᠨ ᠪᠠ ᠭᠡᠷᠡᠯᠴᠢ ᠴᠡᠨᠡᠭ ᠵᠡᠷᠭᠡ ᠰᠢᠨ᠎ᠡ ᠡᠨᠧᠷᠭᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠢᠯᠡᠳᠪᠦᠷᠢᠯᠡᠯ ᠤᠨ ᠬᠡᠮᠵᠢᠶ᠎ᠡ ᠪᠣᠯᠭᠠᠨ ᠬᠤᠪᠢᠷᠠᠭᠤᠯᠬᠤ ᠶᠢ ᠠᠬᠢᠭᠤᠯᠵᠤ ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠦᠭᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠷᠢᠯᠠᠭᠤᠯᠵᠤ ᠂ ᠠᠶᠤᠯ ᠲᠦᠭᠰᠢᠭᠦᠷᠢ ᠶᠢᠨ ᠤᠬᠠᠮᠰᠠᠷ ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠠᠳᠬᠤᠵᠤ ᠂ ᠭᠠᠮᠰᠢᠭ ᠢ ᠰᠡᠷᠭᠡᠶᠢᠯᠡᠬᠦ ᠂ ᠭᠠᠮᠰᠢᠭ ᠢ ᠪᠠᠭᠠᠰᠬᠠᠬᠤ ᠂ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠣᠷᠣᠨ ᠪᠦᠰᠡ ᠬᠤᠪᠢᠶᠠᠨ ᠪᠦᠷᠢᠨ ᠪᠡᠯᠡᠳᠬᠡᠯ ᠬᠢᠬᠦ ᠬᠡᠷᠡᠭᠲᠡᠢ ᠃ ᠢᠯᠠᠩᠭᠤᠶ᠎ᠠ ᠡᠯ᠎ᠡ ᠱᠠᠲᠤ ᠳᠠᠪᠬᠤᠷᠭ᠎ᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠵᠤ ᠂ ᠲᠤᠶᠢᠯᠪᠤᠷᠢᠲᠠᠢ ᠲᠤᠭᠤᠰᠢᠯᠠᠭᠤᠯᠵᠤ ᠂ ᠭᠠᠮᠰᠢᠭ ᠤᠨ ᠴᠡᠭ ᠂ ᠠᠶᠤᠯ ᠲᠦᠭᠰᠢᠭᠦᠷᠢ ᠶᠢᠨ ᠣᠷᠣᠨ ᠭᠦᠷᠳᠡᠯ᠎ᠡ ᠰᠢᠭᠤᠳ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢᠵᠢᠯᠳᠠ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ ᠂ ᠭᠠᠶᠢᠯᠢ ᠰᠦᠢᠳᠬᠡᠯ ᠤᠨ ᠪᠠᠲᠤᠯᠠᠭ᠎ᠠ ᠶᠢᠨ ᠠᠷᠭ᠎ᠠ ᠂ ᠠᠵᠢᠯ ᠠᠯᠳᠠᠯᠲᠠ ᠶᠢᠨ ᠳᠠᠭᠠᠳᠬᠠᠯ ᠤᠨ ᠬᠡᠷᠡᠭᠵᠢᠭᠦᠯᠬᠦ ᠠᠷᠭ᠎ᠠ ᠂ ᠭᠠᠵᠠᠷ ᠬᠥᠳᠡᠯᠦᠯᠲᠡ ᠶᠢᠨ ᠠᠮᠤᠷ ᠲᠦᠪᠰᠢᠨ ᠤ ᠴᠢᠨᠠᠷ ᠤᠨ ᠦᠨᠡᠯᠡᠯᠲᠡ ᠶᠢᠨ ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠨ ᠂ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ ᠂ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠵᠡᠷᠭᠡ ᠳᠦᠷᠢᠮ ᠤᠨ ᠲᠥᠰᠥᠯ ᠢ ᠰᠤᠳᠤᠯᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ