ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/24

      6 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾᠂ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠰᠣᠶᠣᠯ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠳᠤᠲᠠᠭᠤᠳᠠᠯ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ᠂ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠤᠯᠠᠮᠵᠢᠯᠠᠯᠲᠤ ᠠᠵᠤ ᠦᠢᠯᠡᠰ ᠤᠨ ᠬᠡᠯᠬᠢᠶ᠎ᠡ ᠶᠢ ᠳᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ᠭᠤᠣᠯᠳᠠᠯᠭ᠎ᠠ ᠲᠠᠢ ᠬᠦᠷᠢᠶ᠎ᠡ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠵᠢᠭᠤᠯᠴᠢᠯᠠᠯ ᠤᠨ ᠬᠥᠭᠵᠢᠶᠡᠨ ᠲᠠᠢ ᠤᠯᠠᠷᠢᠯ ᠢ ᠵᠠᠪᠳᠤᠭᠤᠯᠵᠤ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠪᠠᠷ ᠠᠵᠢᠯᠯᠠᠭ᠎ᠠ ᠪᠠᠨ ᠲᠥᠰᠥᠪᠯᠡᠨ ᠲᠥᠯᠥᠪᠵᠢᠭᠦᠯᠵᠦ᠂ ᠨᠠᠩ ᠣᠯᠠᠨ ᠵᠢᠭᠤᠯᠴᠢᠯᠠᠬᠰᠠᠳ ᠤᠨ ᠥᠪᠥᠷ ᠮᠣᠩᠭᠤᠯ ᠳᠤ ᠵᠢᠭᠤᠯᠴᠢᠯᠠᠬᠤ ᠪᠠᠷ ᠢᠷᠡᠬᠦ ᠶᠢ ᠲᠠᠲᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠵᠤ᠂ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠳᠬᠤᠮᠠᠯ ᠬᠠᠳᠬᠤᠬᠤ ᠰᠢᠭ᠋ ᠨᠠᠷᠢᠯᠢᠭ ᠨᠢᠮᠪᠠᠢ ᠣᠷᠣᠵᠤ᠂ ᠤᠨᠢᠨ ᠳᠡᠭᠡᠷ᠎ᠡ ᠨᠢ ᠴᠡᠭᠴᠡᠯᠡᠨ ᠰᠠᠶᠢᠵᠢᠷᠠᠭᠤᠯᠵᠤ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠳᠤᠯᠠᠭᠠᠯᠠᠭ᠎ᠠ ᠶᠢᠨ ᠢᠨᠵᠧᠨᠧᠷᠢᠩ ᠪᠠ ᠦᠨᠡᠨᠴᠢ ᠢᠲᠡᠭᠡᠮᠵᠢ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦ ᠶᠢᠨ ᠪᠣᠳᠣᠯᠭ᠎ᠠ ᠲᠣᠭᠲᠠᠭᠠᠬᠤ ᠶᠢ ᠳᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠡᠶᠢᠰᠢ ᠤᠷᠲᠤᠳᠬᠠᠵᠤ᠂ ᠲᠦᠷᠦ ᠶᠢᠨ ᠪᠣᠳᠣᠯᠭ᠎ᠠ ᠶᠢ ᠪᠣᠳᠠᠲᠠᠢ ᠲᠦᠷᠦᠯ ᠵᠦᠢᠯ ᠪᠠ ᠠᠵᠢᠯ ᠳᠡᠭᠡᠷ᠎ᠡ ᠪᠠᠨ ᠨᠠᠶᠢᠳᠠᠪᠤᠷᠢᠵᠢᠭᠤᠯᠬᠤ ᠭᠡᠷᠡᠭᠲᠡᠢ︔ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠷ ᠬᠠᠷᠠᠯᠲᠠ ᠪᠤᠯᠭᠠᠵᠤ᠂ ᠰᠠᠯᠬᠢᠨ ᠬᠦᠴᠦᠨ ᠤ ᠴᠡᠭᠢᠯᠭᠠᠨ ᠪᠠ ᠭᠡᠷᠡᠯᠴᠢ ᠴᠡᠨᠡᠭ ᠤᠨ ᠲᠥᠷᠥᠯ ᠵᠦᠢᠯ ᠢᠶᠠᠷ ᠲᠤᠯᠭᠠᠭᠤᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠶ︔ ᠲᠤᠯᠠᠭᠠᠯᠠᠭ᠎ᠠ ᠶᠢᠨ ᠢᠨᠵᠧᠨᠧᠷᠢᠩ ᠤᠨ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠶᠢᠨ ᠶᠠᠪᠤᠳᠠᠯ ᠢ ᠰᠠᠶᠢᠲᠤᠷ ᠬᠢᠬᠦ ᠭᠡᠷᠡᠭᠲᠡᠢ︔ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠ ᠬᠠᠤᠯᠢ ᠪᠠᠷᠢᠬᠤ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠲᠣᠪᠤᠶᠢᠯᠭᠠᠵᠥ᠂ ᠦᠨᠡᠨᠴᠢ ᠢᠲᠡᠭᠡᠮᠵᠢ ᠶᠢ ᠡᠷᠭᠢᠮᠯᠡᠭᠦ᠂ ᠦᠨᠡᠨᠴᠢ ᠢᠲᠡᠭᠡᠮᠵᠢ ᠶᠢ ᠴᠢᠬᠤᠯᠠᠴᠢᠯᠠᠬᠤ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢ ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠠᠮᠢ ᠠᠬᠤᠢ ᠣᠷᠴᠢᠨ ᠲᠣᠭᠤᠷᠢᠨ ᠤ ᠣᠷᠣᠨ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢᠯᠡᠭᠦᠯᠭᠦ ᠬᠡᠰᠡᠭ ᠲᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠵᠤ᠂ ᠣᠷᠣᠨ ᠲᠣᠭᠤᠷᠢᠭ ᠬᠤᠪᠢᠶᠠᠬᠤ ᠳᠠᠭᠠᠨ ᠵᠦᠢ ᠵᠣᠬᠢᠰᠲᠠᠢ᠂ ᠬᠠᠮᠢᠶᠠᠷᠤᠨ ᠡᠵᠡᠮᠳᠡᠬᠦ ᠳᠡᠭᠡᠨ ᠴᠢᠩᠭ᠎ᠠ ᠪᠠᠶᠢᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠭᠠᠨ ᠯᠠᠪᠳᠠᠭᠤᠨ ᠪᠠᠲᠤᠲᠠᠢ᠂ ᠨᠣᠮᠣᠬᠠᠨ ᠰᠢᠳᠤᠷᠭᠤ ᠪᠠᠶᠢᠵᠤ᠂ ᠥᠩᠭᠡᠨ ᠲᠠᠯ᠎ᠠ ᠠᠴᠠ ᠴᠡᠭᠴᠡᠯᠡᠨ ᠰᠠᠶᠢᠵᠢᠷᠠᠭᠤᠯᠬᠤ᠂ ᠳᠠᠭᠢᠨ ᠳᠠᠪᠲᠠᠨ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ ᠪᠠᠰᠠ ᠬᠤᠷᠢᠨᠭᠡᠷ ᠤᠨ ᠪᠦᠯᠦᠭᠵᠢᠯ ᠪᠣᠬᠢᠷᠳᠤᠯ ᠦᠭᠡᠢ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠬᠠᠮᠢᠶᠠᠷᠤᠯᠲᠠ᠂ ᠮᠠᠰᠢᠨ ᠲᠡᠷᠭᠡᠨ ᠤ ᠬᠡᠷᠡᠭᠯᠡᠭᠡ᠂ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ ᠲᠤᠬᠠᠢ ᠲᠣᠬᠢᠷᠠᠭᠤᠯᠤᠯᠲᠠ ᠬᠢᠬᠦ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ