ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠤᠭᠠᠲᠤ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠥᠬᠦᠳᠡ ᠬᠤᠷᠠᠯᠳᠤᠭᠠᠨ ᠡᠬᠢᠯᠡᠪᠡ  ᠯᠢ ᠢᠦᠢ ᠭᠠᠩ ᠶᠠᠷᠢᠶ᠎ᠠ ᠲᠠᠯᠪᠢᠵᠤ ᠦ᠋ ᠶᠠᠨ ᠭᠠᠩ  ᠪᠣᠣ ᠰᠢᠶᠠᠨ ᠬᠤᠸᠠ  ᠶᠠᠩ ᠵᠢᠶᠧ ᠨᠠᠷ ᠣᠷᠣᠯᠴᠠᠪᠠ
ᠨᠡᠶᠢᠲᠡᠯᠡᠭᠰᠡᠨ ᠴᠠᠭ᠄
2024/6/27

 

      6 ᠳ᠋ᠤᠭᠠᠷ ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠬᠤᠯᠪᠣᠭᠠᠲᠤ ᠬᠤᠷᠠᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠥᠬᠦᠳᠡ ᠬᠤᠷᠠᠯᠳᠤᠭᠠᠨ ᠪᠠ ᠰᠤᠷᠤᠭᠴᠢᠳ ᠤᠨ ᠬᠤᠯᠪᠣᠭᠠᠲᠤ ᠬᠤᠷᠠᠯ ᠤᠨ ᠠᠷᠪᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠥᠬᠡᠬᠤᠲᠠ ᠳᠤ ᠡᠬᠢᠯᠡᠪᠡ ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠦ᠋ ᠶᠠᠨ ᠭᠠᠩ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠬᠤᠷᠠᠯ ᠳᠤ ᠣᠷᠣᠯᠴᠠᠵᠠᠢ᠃

      ᠬᠤᠷᠠᠯ ᠳᠡᠭᠡᠷ᠎ᠡ᠂ ᠡᠯ᠎ᠡ ᠱᠠᠲᠤᠨ ᠤ ᠵᠠᠯᠠᠭᠤᠴᠤᠳ ᠤᠨ ᠬᠤᠯᠪᠤᠭᠠᠲᠤ ᠬᠤᠷᠠᠯ ᠪᠠ ᠰᠤᠷᠤᠭᠴᠢᠳ ᠤᠨ ᠬᠤᠯᠪᠤᠭᠠᠲᠤ ᠬᠤᠷᠠᠯ ᠨᠢ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ ᠵᠠᠯᠠᠭᠤᠴᠤᠳ ᠤᠨ ᠬᠠᠭᠤᠳᠠᠰᠤ ︾ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠠᠭᠠᠤ ᠠᠵᠢᠯ ᠢᠶᠠᠨ ᠥᠷᠨᠢᠭᠦᠯᠬᠦ ᠬᠡᠷᠡᠭᠲᠡᠢ᠂ ᠥᠷᠭᠡᠨ ᠤᠯᠠᠨ ᠵᠠᠯᠠᠭᠤᠴᠤᠳ ᠬᠢᠭᠡᠳ ᠵᠠᠯᠠᠭᠤ ᠰᠤᠷᠤᠭᠴᠢᠳ ᠬᠦᠰᠡᠯ ᠢᠲᠡᠭᠡᠯ ᠢᠶᠠᠨ ᠪᠠᠲᠤᠳᠬᠠᠵᠤ ᠂ ᠭᠤᠣᠯ ᠱᠤᠭᠤᠮ ᠤᠨ ᠤᠬᠠᠮᠰᠠᠷ ᠢᠶᠠᠨ ᠴᠢᠩᠭᠠᠳᠬᠠᠵᠤ ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠂ ᠲᠡᠰᠪᠦᠷᠢ ᠬᠠᠲᠠᠭᠤᠵᠢᠯᠲᠠᠢ ᠲᠡᠮᠡᠴᠡᠨ᠂ ᠢᠮᠠᠭᠲᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠲᠡᠮᠡᠴᠡᠭᠴᠢ ᠪᠣᠯᠬᠤ ᠬᠡᠷᠡᠭᠲᠡᠢ ᠬᠡᠮᠡᠨ ᠴᠢᠬᠤᠯᠠᠴᠢᠯᠠᠪᠠ᠃



 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ