ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ    ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/6/3


      5 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠵᠡᠢ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠣᠳᠠᠲᠠᠢ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠲᠤᠭᠤᠰᠢᠯᠠᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠨᠡᠩ ᠰᠠᠶᠢᠲᠤᠷ ᠬᠥᠲᠥᠯᠥᠨ ᠳᠠᠭᠠᠭᠤᠯᠬᠤ ᠬᠡᠷᠡᠭᠲᠡᠢ᠃ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠥᠯᠥᠪᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠨᠠᠩ ᠰᠠᠶᠢᠲᠤᠷ ᠠᠷᠢᠯᠭᠠᠬᠤ ᠬᠡᠷᠡᠭᠲᠡᠢ᠃ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠨ ᠲᠠᠷᠢᠶᠠᠯᠠᠩ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ ᠪᠠᠷ ᠭᠤᠣᠯᠳᠠᠯᠭ᠎ᠠ ᠪᠣᠯᠭᠠᠨ ᠠᠲᠠᠷ ᠬᠠᠭᠠᠯᠪᠤᠷᠢᠯᠠᠯᠲᠠ ᠶᠢᠨ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ︽ᠤᠮᠠᠷᠠᠲᠤ ᠬᠢᠯᠢ ᠶᠢᠨ ᠰᠣᠶᠣᠯ︾  ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠡᠷᠡᠭ ᠤᠨ ᠵᠢᠰᠢᠶ᠎ᠡ ᠪᠠᠷ ᠬᠠᠤᠯᠢ ᠶᠢ ᠲᠠᠶᠢᠯᠪᠤᠷᠢᠯᠠᠬᠤ ᠵᠡᠷᠭᠡ ᠠᠷᠭ᠎ᠠ ᠭᠡᠯᠪᠡᠷᠢ ᠶᠢ ᠠᠪᠴᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ 5 ᠰᠠᠷ᠎ᠠ ᠶᠢᠨ 27 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠨᠡᠬᠡᠮᠵᠢᠯᠡᠬᠦ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠯᠠᠪᠳᠠᠭᠤᠯᠤᠨ ᠱᠠᠭᠠᠷᠳᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠪᠠ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠠᠵᠢᠯ ᠣᠯᠭᠤᠯᠲᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠰᠢᠯᠲᠠᠭᠠᠨ ᠢ ᠨᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠴᠢᠩᠭ᠎ᠠ ᠠᠳᠬᠤᠵᠤ᠂ ᠨᠡᠩ ᠤᠯᠠᠨ ᠠᠵᠤ ᠦᠢᠯᠡᠰ ᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠩ ᠤᠯᠠᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠦᠷᠭᠦᠯᠵᠢᠯᠡᠨ ᠶᠡᠭᠡ ᠬᠡᠪᠴᠢᠶ᠎ᠡ ᠪᠠᠷ ᠥᠷᠨᠢᠭᠦᠯᠵᠦ᠂ ᠬᠥᠮᠥᠨ ᠪᠠ ᠠᠵᠢᠯ ᠤᠨ ᠪᠠᠶᠢᠷᠢ ᠶᠢ ᠪᠦᠲᠦᠮᠵᠢᠲᠡᠢ ᠪᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠰᠣᠩᠭᠤᠬᠤ ᠶᠢ ᠬᠥᠲᠥᠯᠥᠨ ᠵᠢᠯᠤᠭᠤᠳᠬᠤ ᠪᠠ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠵᠤ᠂ ᠲᠡᠳᠡᠨ ᠢ ᠬᠠᠪᠰᠤᠷᠤᠨ ᠡᠷᠲᠡᠬᠡᠨ ᠤᠷᠤᠭᠰᠢᠲᠠᠢ ᠪᠠᠷ ᠠᠵᠢᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃

         ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠬᠦ ᠠᠵᠠ ᠲᠣᠭᠢᠶᠠᠯ ᠢ ᠠᠮᠵᠢᠵᠤ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠬᠢᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠰᠠᠶᠢᠲᠤᠷ ᠠᠳᠬᠤᠬᠤ ᠬᠡᠷᠡᠭᠲᠡᠢ᠃ ᠪᠠᠶᠢᠳᠠᠯ ᠢ ᠲᠣᠳᠣᠷᠬᠠᠢ ᠣᠶᠢᠯᠠᠭᠠᠵᠤ᠂ ᠲᠥᠯᠦᠪᠵᠢᠭᠦᠯᠭᠡ ᠪᠠᠨ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠠᠵᠢᠯ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠶᠡᠬᠡᠪᠡᠷ ᠬᠡᠷᠡᠭᠵᠢᠭᠦᠯᠵᠦ᠂ ᠢᠳᠡᠪᠬᠢᠲᠡᠢ ᠪᠠᠷ ᠨᠥᠬᠦᠴᠡᠯ ᠪᠦᠷᠢᠯᠳᠦᠭᠦᠯᠵᠦ ᠲᠤᠰ ᠭᠠᠵᠠᠷ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠪ ᠤᠨ ᠬᠤᠯᠪᠣᠭᠠᠲᠤ ᠠᠬᠠᠮᠠᠳᠲᠤ ᠤᠯᠤᠰ ᠤᠨ ᠬᠢᠲᠠᠳ ᠬᠡᠯᠡᠨ ᠤ ᠵᠢᠭᠠᠨ ᠰᠤᠷᠭᠠᠯᠲᠠ ᠶᠢᠨ ︽ᠵᠠᠭᠤᠨ ᠰᠤᠷᠭᠠᠭᠤᠯᠢ ᠶᠢᠨ ᠲᠥᠷᠥᠯ ᠵᠦᠢᠯ︾ ᠤᠨ ᠰᠤᠷᠤᠬᠴᠢᠳ ᠤᠨ ᠲᠥᠯᠥᠭᠡᠯᠡᠭᠴᠢᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠭᠠᠨ ᠬᠥᠮᠦᠵᠢᠯ ᠤᠨ ᠭᠠᠳᠠᠭᠠᠳᠤ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ