ᠾᠧ ᠯᠢ ᠹᠧᠩ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠵᠢᠭᠠᠵᠤ ᠭᠠᠷᠭᠠᠭᠰᠠᠨ ᠨᠢ  ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠡᠭᠦᠨ ᠬᠡᠰᠡᠭ ᠤᠨ ᠣᠷᠣᠨ ᠤ ᠰᠥᠨᠥᠭᠡᠯᠲᠡ ᠶᠢᠨ ᠳᠠᠶᠢᠯᠠᠯᠳᠤᠭᠠᠨ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ  ᠤᠮᠠᠷᠠᠲᠤ ᠬᠢᠯᠢ ᠶᠢᠨ ᠨᠣᠮᠢᠨ ᠨᠣᠭᠤᠭᠠᠨ ᠣᠷᠳᠣ ᠴᠠᠭᠠᠨ ᠬᠡᠷᠡᠮ ᠪᠣᠯᠣᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2024/6/3

      ᠰᠢᠨᠬᠤᠸᠠ ᠬᠤᠷᠢᠶ᠎ᠠ ᠶᠢᠨ ᠭᠦᠭᠡᠬᠤᠲᠠ ᠶᠢᠨ 5 ᠰᠠᠷ᠎ᠠ ᠶᠢᠨ 31 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ 30 ᠠᠴᠠ 31 ᠤ ᠡᠳᠦᠷ ᠪᠤᠯᠲᠠᠯ᠎ᠠ ᠥᠪᠥᠷ ᠮᠣᠩᠭᠤᠯ ᠳᠤ ︽ ᠤᠮᠠᠷᠠᠲᠤ ᠶᠢᠨ ᠭᠤᠷᠪᠠᠨ ᠣᠷᠣᠨ ︾ ᠵᠡᠷᠭᠡ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠾᠧ ᠯᠢ ᠹᠧᠩ᠂ ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ ᠤᠮᠠᠷᠠᠲᠤ ᠶᠢᠨ ᠭᠤᠷᠪᠠᠨ ᠣᠷᠣᠨ ︾ ᠵᠡᠷᠭᠡ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠵᠡᠭᠦᠨ ᠬᠡᠰᠡᠭ ᠤᠨ ᠣᠷᠣᠨ ᠤ ᠰᠥᠨᠥᠭᠡᠯᠲᠡ ᠶᠢᠨ ᠳᠠᠶᠢᠯᠠᠯᠳᠤᠭᠠᠨ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠨᠣᠮᠢᠨ ᠨᠣᠭᠤᠭᠠᠨ ᠤᠷᠳᠤ ᠴᠠᠭᠠᠨ ᠬᠡᠷᠡᠮ ᠪᠣᠯᠣᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠾᠧ ᠯᠢ ᠹᠧᠩ ᠤᠷᠢᠳ ᠬᠤᠵᠢᠳ ᠥᠪᠥᠷ ᠮᠣᠩᠭᠤᠯ ᠤᠨ ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤᠨ ᠤ ᠴᠡᠭᠡᠨ ᠠᠴᠠ ᠪᠠᠶᠠᠨᠬᠤᠰᠢᠭᠤ ᠬᠦᠷᠬᠦ ᠵᠠᠮ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠣᠷᠣᠨ᠂ ᠬᠡᠰᠢᠭᠲᠡᠨ ᠬᠤᠰᠢᠭᠤᠨ ᠤ ᠤᠯᠠᠭᠠᠨᠪᠤᠳᠤᠩ ᠰᠤᠮᠤ ᠶᠢᠨ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢᠨ ᠵᠠᠰᠠᠯᠲᠠ ᠶᠢᠨ ᠣᠷᠣᠨ ᠳᠤ ᠬᠦᠷᠴᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠷᠬᠠᠯᠲᠠ᠂ ᠡᠯᠡᠰᠦ ᠶᠢ ᠵᠠᠰᠠᠬᠤ ᠵᠠᠭᠪᠤᠷ᠂ ᠢᠨᠵᠧᠨᠧᠷᠢᠩ ᠤᠨ ᠮᠡᠷᠭᠡᠵᠢᠯ ᠤᠨ ᠠᠷᠭ᠎ᠠ ᠬᠡᠮᠵᠢᠶ᠎ᠡ᠂ ᠣᠶ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠤᠰᠤ ᠬᠡᠷᠡᠭᠯᠡᠬᠦ ᠬᠠᠩᠭᠠᠯᠭ᠎ᠠ᠂ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠪᠠᠶᠢᠳᠠᠯ ᠵᠢᠴᠢ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠭᠤᠣᠯ ᠠᠰᠠᠭᠤᠳᠠᠯ ᠢ ᠭᠦᠨᠵᠡᠭᠡᠢ ᠣᠶᠢᠯᠠᠭᠠᠬᠤ ᠶᠢᠨ ᠬᠠᠮᠲᠤ᠂ ᠵᠠᠮ ᠢᠶᠠᠷ ᠢᠶᠠᠨ ᠾᠧᠪᠧᠢ ᠶᠢᠨ ᠸᠧᠢ ᠴᠠᠩ ᠰᠢᠶᠠᠨ ᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠶᠢ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠡᠢ᠃

      ᠾᠧ ᠯᠢ ᠹᠧᠩ᠂ ᠨᠢᠳᠤᠨᠤᠨ ᠤ 6 ᠰᠠᠷ᠎ᠠ ᠶᠢᠨ 6 ᠤ ᠡᠳᠦᠷ ᠶᠡᠷᠦᠩᠬᠡᠢ ᠱᠦᠵᠢ ᠰᠢ ᠶᠢᠨ ᠫᠢᠩ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠰᠥᠨᠥᠭᠡᠯᠲᠡ ᠶᠢᠨ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠶᠡᠷᠦᠩᠬᠡᠢ ᠳᠠᠶᠢᠴᠢᠯᠠᠯᠲᠠ ᠶᠢᠨ ᠵᠠᠷᠯᠢᠭ ᠢ ᠪᠠᠭᠤᠯᠭᠠᠭᠰᠠᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠠᠷᠯᠢᠭ ᠢ ᠰᠣᠨᠣᠰᠤᠮᠠᠭᠴᠠ ᠬᠥᠳᠡᠯᠦᠯᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ ᠤᠮᠠᠷᠠᠲᠤ ᠶᠢᠨ ᠭᠤᠷᠪᠠᠨ ᠣᠷᠣᠨ ︾ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠰᠠᠶᠢᠨ ᠰᠠᠶᠢᠬᠠᠨ ᠡᠭᠢᠯᠡᠯᠲᠡ ᠲᠠᠢ ᠪᠤᠯᠬᠤ ᠶᠢ ᠠᠬᠢᠭᠤᠯᠪᠠ᠃ ᠡᠭᠦᠨ ᠤ ᠵᠡᠷᠭᠡ ᠪᠠᠷ᠂ ᠮᠠᠨ ᠤ ᠤᠯᠤᠰ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠶ ᠶᠡᠭᠡ᠂ ᠲᠠᠷᠬᠠᠯᠲᠠ ᠥᠷᠭᠡᠨ᠂ ᠬᠡᠮᠵᠢᠶ᠎ᠡ ᠬᠦᠨᠳᠦ᠂ ᠵᠠᠰᠠᠬᠤ ᠳᠤ ᠬᠦᠴᠢᠷᠲᠡᠢ ᠪᠠᠶᠢᠬᠤ ᠦᠨᠳᠦᠰᠦᠨ ᠪᠠᠶᠢᠳᠠᠯ ᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠢ ᠪᠠᠶᠢᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠬᠤ ᠶᠢ ᠣᠯᠵᠤ ᠦᠵᠡᠬᠦ ᠬᠡᠷᠡᠭᠲᠡᠢ᠃ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ︽ ᠤᠰᠤᠨ ᠴᠥᠭᠦᠷᠥᠮ᠂ ᠵᠣᠭᠤᠰᠤᠨ ᠤ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ︾ ᠶᠢᠨ ᠬᠤᠯᠪᠤᠭᠠᠯᠠᠨ ᠬᠥᠳᠡᠯᠦᠯᠴᠡᠵᠦ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠣᠨᠣᠴᠠᠲᠠᠢ ᠡᠵᠡᠮᠳᠡᠵᠦ᠂ ᠪᠡᠯᠡ ᠮᠥᠩᠭᠦ᠂ ᠤᠰᠤ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠢᠯᠢᠳᠡᠭ ᠰᠠᠶᠢᠨ ᠮᠣᠳᠣᠨ ᠤ ᠲᠦᠷᠦᠯ ᠡᠪᠡᠰᠦᠨ ᠤ ᠲᠦᠷᠦᠯ ᠤᠨ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠪᠦᠲᠦᠮᠵᠢᠲᠡᠢ ᠵᠠᠰᠠᠯᠲᠠ ᠶᠢᠨ ᠵᠠᠭᠪᠤᠷ ᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠡᠯᠭᠡᠷᠡᠭᠦᠯᠵᠦ᠂ ᠨᠢᠭᠡᠨᠲᠡ ᠣᠯᠣᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠰᠠᠶᠢᠲᠤᠷ ᠠᠳᠬᠤᠵᠤ᠂ ᠦᠷ᠎ᠡ ᠪᠦᠲᠦᠭᠡᠯ ᠢᠶᠠᠨ ᠦᠷᠭᠦᠯᠵᠢᠯᠡᠨ ᠥᠷᠭᠡᠳᠬᠡᠬᠦ ᠬᠡᠷᠡᠭᠲᠡᠢ᠃ ᠠᠮᠢ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠪᠣᠯᠣᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ︽ ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ ︾ ᠪᠣᠯᠣᠨ ᠰᠠᠶᠢᠬᠠᠨᠳᠠᠪᠠᠭ᠎ᠠ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

      ᠾᠧ ᠯᠢ ᠹᠧᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠵᠢᠯᠣᠭᠤᠳᠤᠯᠭ᠎ᠠ ᠪᠠ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠤ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠪᠡᠯᠡ ᠮᠥᠩᠭᠦ᠂ ᠬᠠᠮᠢᠶᠠᠷᠤᠯᠲᠠ᠂ ᠮᠡᠷᠭᠡᠵᠢᠯ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠤᠯᠴᠠᠬᠤ ᠬᠡᠷᠡᠭᠲᠡᠢ ᠭᠡᠵᠦ ᠱᠠᠭᠠᠷᠳᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ