2024 ᠣᠨ ᠤ ᠪᠦᠭᠦ ᠣᠷᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠭᠦᠭᠡᠬᠤᠲᠠ ᠳᠤ ᠡᠬᠢᠯᠡᠪᠡ  ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2024/6/3

      6 ᠰᠠᠷ᠎ᠠ ᠶᠢᠨ 1 ᠤ ᠦᠳᠡ ᠶᠢᠨ ᠡᠮᠦᠨ᠎ᠡ᠂ ᠪᠦᠭᠦ ᠣᠷᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠭᠦᠭᠡᠬᠤᠲᠠ ᠳᠤ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠠᠵᠢᠯᠯᠠᠭ᠎ᠠ ᠳᠤ ᠣᠷᠣᠯᠴᠠᠵᠤ᠂ ᠲᠤᠰᠬᠠᠢ ᠠᠪᠤᠷᠠᠨ ᠲᠤᠰᠠᠯᠠᠬᠤ ᠡᠩᠨᠡᠭᠡ ᠳᠤ ᠲᠤᠭ ᠭᠠᠷᠳᠠᠭᠤᠯᠪᠠ᠃
      ᠬᠤᠸᠠᠩ ᡁᠢ ᠴᠢᠶᠠᠩ᠂ ᠠᠶᠤᠯᠭᠦᠢ ᠦᠢᠯᠡᠳᠪᠦᠷᠢᠯᠡᠯ ᠨᠢ ᠤᠯᠠᠨ ᠲᠦᠮᠡᠨ ᠯᠦᠭᠡ ᠬᠠᠮᠤᠭ ᠤᠨ ᠨᠢᠭᠲᠠ ᠬᠠᠷᠢᠴᠠᠭ᠎ᠠ ᠲᠠᠢ ᠪᠠᠶᠢᠵᠤ᠂ ᠤᠯᠠᠨ ᠲᠦᠮᠡᠨ ᠲᠡᠭᠦᠨ ᠳᠤ ᠬᠠᠮᠤᠭ ᠤᠨ ᠰᠢᠭᠤᠳ ᠲᠥᠷᠥᠭᠳᠡᠯ ᠲᠠᠢ ᠪᠠᠶᠢᠳᠠᠭ᠃ ᠶᠠᠮᠠᠷᠪᠠ ᠦᠶ᠎ᠡ ᠳᠤ ᠴᠦ ᠭᠡᠳ ᠤᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠲᠡᠷᠢᠭᠦᠨ ᠳᠤ ᠲᠠᠯᠪᠢᠵᠤ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠢᠮᠠᠭᠲᠠ ᠴᠢᠩᠭ᠎ᠠ ᠠᠩᠬᠠᠷᠴᠤ᠂ ᠪᠦᠭᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠨ᠂ ᠭᠡᠮ ᠰᠣᠭᠤᠭ ᠢ ᠠᠷᠢᠯᠭᠠᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠤᠯᠠᠨ ᠶᠠᠩᠵᠤ ᠭᠡᠯᠪᠡᠷᠢ ᠪᠠᠷ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠬᠥᠮᠥᠨ ᠪᠦᠭᠦᠨ ᠠᠮᠤᠷ ᠲᠦᠪᠰᠢᠨ ᠢ ᠡᠷᠬᠢᠮᠯᠡᠨ᠂ ᠬᠥᠮᠥᠨ ᠪᠣᠯᠭᠠᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠵᠤ᠂ ᠬᠥᠮᠥᠨ ᠨᠢᠭᠡ ᠪᠦᠷᠢ ᠶᠢᠨ ᠪᠠᠭ᠎ᠠ ᠠᠮᠤᠷ ᠲᠦᠪᠰᠢᠨ ᠢ ᠰᠠᠶᠢᠲᠤᠷ ᠰᠠᠬᠢᠨ ᠬᠠᠮᠠᠭᠠᠯᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠠᠮᠤᠷ ᠲᠦᠪᠰᠢᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠲᠤᠰᠬᠠᠢ ᠠᠪᠤᠷᠠᠨ ᠲᠤᠰᠠᠯᠠᠬᠤ ᠡᠩᠨᠡᠭᠡ᠂ ᠬᠠᠮᠢᠶ᠎ᠠ ᠪᠦᠬᠦᠢ ᠰᠠᠶᠢᠨ ᠳᠤᠷ᠎ᠠ ᠶᠢᠨ ᠠᠵᠢᠯᠯᠠᠭᠰᠠᠳ ᠪᠠ ᠠᠵᠤ ᠠᠬᠤᠶᠢᠯᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ