ᠰᠢᠯᠢ ᠶᠢᠨ ᠭᠤᠣᠯ ᠠᠶᠢᠮᠠᠭ ᠤᠨ ᠪᠡᠯᠴᠢᠭᠡᠷ ᠪᠦᠬᠦᠨ ᠢᠶᠠᠷ ᠢᠶᠠᠨ ᠨᠣᠭᠤᠭᠠᠷᠠᠵᠤ ᠬᠠᠪᠤᠷ ᠤᠨ ᠤᠯᠠᠷᠢᠯ ᠤᠨ ᠪᠡᠯᠴᠢᠭᠡᠷ ᠰᠡᠯᠭᠦᠬᠦ ᠠᠵᠢᠯ ᠳᠠᠭᠤᠰᠪᠠ
ᠨᠡᠶᠢᠲᠡᠯᠡᠭᠰᠡᠨ ᠴᠠᠭ᠄
2024/6/3

      ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ 2024 ᠣᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠠᠬᠢ ᠪᠡᠯᠴᠢᠭᠡᠷ ᠰᠡᠯᠭᠦᠬᠦ ᠠᠵᠢᠯ ᠠᠮᠵᠢᠯᠲᠠ ᠲᠠᠢ ᠲᠡᠭᠦᠰᠴᠦ᠂ ᠪᠦᠬᠦ ᠠᠶᠢᠮᠠᠭ ᠤᠨ ᠪᠡᠯᠴᠢᠭᠡᠷ ᠪᠦᠬᠦᠨ ᠢᠶᠠᠷ ᠢᠶᠠᠨ ᠨᠣᠭᠤᠭᠠᠷᠠᠵᠤ᠂ ︽ᠴᠠᠯᠢᠩ ᠲᠠᠢ ᠠᠮᠠᠷᠠᠯᠲᠠ︾ ᠠᠪᠤᠭᠰᠠᠨ ᠲᠠᠯ᠎ᠠ ᠨᠤᠲᠤᠭ ᠠᠮᠢᠵᠢᠷᠠᠯ ᠤᠨ ᠬᠦᠴᠦᠨ ᠢᠶᠠᠷ ᠪᠢᠯᠬᠠᠪᠠ᠃

      ᠡᠨᠡ ᠵᠢᠯ ᠰᠢᠯᠢ ᠶᠢᠨ ᠭᠤᠣᠯ ᠠᠶᠢᠮᠠᠭ ᠤᠨ ᠪᠡᠯᠴᠢᠭᠡᠷ ᠰᠡᠯᠭᠦᠬᠦ ᠲᠠᠯᠠᠪᠠᠶ 22235.68 ᠲᠦᠮᠡᠨ ᠮᠦ ᠳᠤ ᠬᠦᠷᠴᠦ᠂ 10.1 ᠲᠦᠮᠡᠨ ᠮᠠᠯᠴᠢᠨ ᠡᠷᠦᠬᠡ ᠲᠠᠢ ᠬᠤᠯᠪᠣᠭᠳᠠᠵᠠᠢ᠃ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠪᠦᠷᠢᠳᠬᠡᠯ ᠠᠴᠠ ᠦᠵᠡᠪᠡᠯ᠂ ᠡᠨᠡ ᠵᠢᠯ ᠪᠥᠬᠦ ᠠᠶᠢᠮᠠᠭ ᠤᠨ ᠪᠡᠯᠴᠢᠭᠡᠷ ᠤᠨ ᠳᠤᠮᠳᠠᠴᠢ ᠪᠦᠷᠬᠦᠴᠡ ᠨᠢ 26.0%᠂ ᠳᠤᠮᠳᠠᠴᠢ ᠥᠨᠳᠥᠷ ᠤᠨ ᠬᠡᠮᠵᠢᠶ᠎ᠡ ᠨᠢ 7.6 ᠰᠠᠨᠲ᠋ᠢᠮᠧᠲᠷ ᠲᠤ ᠬᠦᠷᠪᠡ᠃ ᠲᠦᠷᠦᠭᠦᠸ ᠵᠢᠯ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠯᠭᠦᠵᠦ ᠨᠣᠭᠤᠭᠠᠷᠠᠭᠤᠯᠬᠤ ᠬᠤᠭᠤᠴᠠᠭᠠᠨ ᠳᠠᠬᠢ ᠬᠢᠨᠠᠨ ᠰᠢᠨᠵᠢᠭᠰᠡᠨ ᠦᠷ᠎ᠡ ᠳ᠋ᠦᠩ ᠲᠠᠢ ᠬᠠᠷᠢᠴᠠᠭᠤᠯᠪᠠᠯ᠂ ᠪᠡᠯᠴᠢᠭᠡᠷ ᠤᠨ ᠳᠤᠮᠳᠠᠴᠢ ᠪᠦᠷᠬᠦᠴᠡ 0.5 ᠵᠠᠭᠤᠨ ᠤ ᠴᠡᠭ ᠪᠠᠭᠤᠷᠠᠵᠤ᠂ ᠥᠨᠳᠥᠷ ᠤᠨ ᠬᠡᠮᠵᠢᠶ᠎ᠡ ᠨᠢ ᠦᠨᠳᠦᠰᠦᠨ ᠳᠤ ᠪᠠᠨ ᠠᠳᠠᠯᠢ ᠪᠠᠶᠢᠨ᠎ᠠ᠃ ︽ᠡᠪᠡᠰᠦ ᠪᠡᠯᠴᠢᠭᠡᠷ ᠤᠨ ᠳᠤᠮᠳᠠᠴᠢ ᠪᠦᠷᠬᠦᠴᠡ ᠳᠡᠭᠡᠷ᠎ᠡ ᠵᠢᠯ ᠤᠨ ᠬᠢ ᠠᠴᠠ ᠳᠣᠣᠷ᠎ᠠ ᠰᠢᠭ᠋ ᠪᠠᠶᠢᠭ᠎ᠠ ᠶᠢᠨ ᠭᠤᠣᠯ ᠰᠢᠯᠲᠠᠭᠠᠨ ᠨᠢ ᠬᠤᠷ᠎ᠠ ᠲᠤᠨᠳᠠᠰᠤ ᠢᠯᠡᠳᠲᠡ ᠪᠠᠭᠠᠰᠴᠤ᠂ ᠡᠪᠡᠰᠦ ᠪᠡᠯᠴᠢᠭᠡᠷ ᠤᠨ ᠤᠷᠭᠤᠯᠲᠠ ᠶᠢ ᠠᠰᠢᠭ ᠦᠭᠡᠢ ᠪᠠᠷ ᠨᠥᠯᠥᠭᠡᠯᠡᠭᠰᠡᠨ ᠳᠤ ᠪᠤᠢ᠃ ᠰᠢᠯᠢ ᠶᠢᠨ ᠭᠤᠣᠯ ᠠᠶᠢᠮᠠᠭ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠯᠭᠦᠬᠦ ᠠᠵᠢᠯ ᠢᠶᠠᠨ ᠡᠬᠢᠯᠡᠭᠦᠯᠵᠦ᠂ ᠬᠤᠷ᠎ᠠ ᠲᠤᠨᠳᠠᠰᠤ ᠪᠠᠭᠠᠰᠤᠭᠰᠠᠨ ᠠᠴᠠ ᠪᠣᠯᠣᠭᠰᠠᠨ ᠡᠪᠡᠰᠦ ᠪᠡᠯᠴᠢᠭᠡᠷ ᠤᠨ ᠤᠷᠭᠤᠯᠲᠠ ᠳᠤ ᠠᠰᠢᠭ ᠦᠭᠡᠢ ᠨᠥᠯᠥᠭᠡ ᠶᠢ ᠨᠡᠯᠢᠶᠡᠳ ᠰᠠᠶᠢᠨ ᠠᠷᠭᠠᠴᠠᠭᠠᠵᠤ᠂ ᠶᠡᠬᠡᠩᠬᠢ ᠡᠪᠡᠰᠦ ᠪᠡᠯᠴᠢᠭᠡᠷ ᠤᠨ ᠨᠣᠭᠤᠭᠠᠷᠠᠯᠲᠠ ᠶᠢᠨ ᠪᠠᠶᠢᠳᠠᠯ ᠰᠠᠶᠢᠨ ᠪᠠᠶᠢᠬᠤ ᠶᠢ ᠦᠨᠡᠨ ᠬᠦ ᠪᠠᠲᠤᠯᠠᠵᠠᠢ︾ ᠭᠡᠵᠦ ᠰᠢᠯᠢ ᠶᠢᠨ ᠭᠤᠣᠯ ᠠᠶᠢᠮᠠᠭ ᠤᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡᠨ ᠤ ᠨᠤᠲᠤᠭ ᠪᠡᠯᠴᠢᠭᠡᠷ ᠢ ᠬᠢᠨᠠᠨ ᠰᠢᠨᠵᠢᠬᠦ ᠰᠠᠯᠠᠭᠠᠨ ᠤ ᠬᠠᠷᠢᠭᠤᠴᠠᠯᠭᠠᠲᠠᠨ ᠰᠢᠦᠢ ᠴᠢᠩ ᠵᠢᠶᠧ ᠢᠯᠡᠷᠬᠡᠶᠢᠯᠡᠪᠡ᠃

      ᠣᠶᠢᠯᠠᠭᠠᠭᠰᠠᠨ ᠢᠶᠠᠷ᠂ ᠪᠡᠯᠴᠢᠭᠡᠷ ᠰᠡᠯᠭᠦᠬᠦ ᠬᠤᠭᠤᠴᠠᠭᠠᠨ ᠳᠠᠬᠢ ᠡᠪᠡᠰᠦ ᠪᠣᠷᠳᠤᠭ᠎ᠠ ᠨᠥᠭᠡᠴᠡᠯᠡᠬᠦ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠰᠢᠯᠢ ᠶᠢᠨ ᠭᠤᠣᠯ ᠠᠶᠢᠮᠠᠭ  ᠨᠢ ᠵᠠᠰᠠᠭ ᠤᠨ ᠣᠷᠳᠣᠨ ᠪᠠ ᠠᠵᠤ ᠠᠬᠤᠶᠢᠯᠠᠯ ᠨᠥᠭᠡᠴᠡᠯᠡᠬᠦ᠂ ᠮᠠᠯᠴᠢᠳ ᠥᠪᠡᠷᠰᠡᠳ ᠢᠶᠠᠨ ᠪᠡᠯᠡᠳᠬᠡᠬᠦ ᠵᠢᠴᠢ ᠵᠣᠬᠢᠴᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠪᠠᠶᠢᠭᠠᠯᠢ ᠶᠢᠨ ᠡᠪᠡᠰᠦ᠂ ᠳᠠᠷᠤᠰᠢ ᠵᠡᠷᠭᠡ ᠡᠪᠡᠰᠦ ᠪᠣᠷᠳᠤᠭ᠎ᠠ ᠶᠢ ᠨᠡᠶᠢᠲᠡ 132.1796 ᠲᠦᠮᠡᠨ ᠲᠣᠨ ᠨᠥᠭᠡᠴᠡᠯᠡᠵᠡᠢ᠃ ᠡᠭᠦᠨ ᠤ ᠬᠠᠮᠲᠤ᠂ ᠡᠯ᠎ᠡ ᠭᠠᠵᠠᠷ ᠤᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠡᠪᠡᠰᠦ ᠪᠣᠷᠳᠤᠭ᠎ᠠ ᠶᠢᠨ ᠲᠡᠭᠡᠭᠡᠪᠦᠷᠢ ᠳᠤ ᠨᠥᠬᠦᠪᠦᠷᠢ ᠥᠭᠬᠦ᠂ ᠡᠪᠡᠰᠦ ᠪᠣᠷᠳᠤᠭ᠎ᠠ ᠨᠥᠭᠡᠴᠡᠯᠡᠬᠦ ᠳᠤ ᠲᠦᠰᠢᠭᠯᠡᠨ ︽ᠬᠠᠪᠤᠷ ᠵᠢᠭᠡᠯᠡᠵᠦ ᠨᠠᠮᠤᠷ ᠪᠤᠴᠠᠭᠠᠬᠤ︾᠂ ᠭᠤᠷᠪᠠᠨ ᠱᠠᠲᠤᠨ ᠤ ᠡᠪᠡᠰᠦ ᠪᠣᠷᠳᠤᠭ᠎ᠠ ᠨᠥᠭᠡᠴᠡᠯᠡᠬᠦ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ᠂ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠶᠢ ᠡᠳ᠋ᠰᠢᠭᠦᠯᠦᠨ ᠨᠥᠭᠡᠴᠡᠯᠡᠬᠦ ᠥᠷᠲᠡᠭᠡ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠪᠡᠰᠦ ᠪᠣᠷᠳᠤᠭ᠎ᠠ ᠶᠢᠨ ᠬᠠᠩᠭᠠᠯᠭ᠎ᠠ ᠶᠢᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠪᠡ᠃

      ︽ᠨᠢᠯᠬ᠎ᠠ ᠨᠣᠭᠤᠭ᠎ᠠ ᠠᠩᠬ᠎ᠠ ᠤᠷᠭᠤᠬᠤ ᠳᠤ ᠪᠠᠨ ᠬᠠᠷᠢᠴᠠᠩᠭᠤᠢ ᠬᠡᠪᠡᠷᠡᠭ ᠪᠠᠶᠢᠳᠠᠭ᠂ ᠬᠠᠪᠤᠷ ᠤᠨ ᠤᠯᠠᠷᠢᠯ ᠳᠤ ᠪᠡᠯᠴᠢᠭᠡᠷ ᠰᠡᠯᠭᠦᠬᠦ ᠨᠢ ᠬᠤᠨᠢ ᠮᠠᠯ ᠤᠳ ᠤᠨ ᠪᠡᠯᠴᠢᠭᠡᠷ ᠢ ᠭᠢᠰᠬᠢᠯᠡᠨ ᠢᠳᠡᠬᠦ ᠶᠢ ᠪᠠᠭᠠᠰᠬᠠᠵᠤ᠂ ᠪᠡᠯᠴᠢᠭᠡᠷ ᠢ ᠤᠯᠠᠮ ᠨᠢᠭᠡ ᠠᠯᠬᠤᠮ ᠰᠡᠷᠭᠦᠭᠡᠵᠦ ᠪᠣᠯᠣᠨ᠎ᠠ᠃ ᠬᠠᠪᠤᠷ ᠤᠨ ᠤᠯᠠᠷᠢᠯ ᠳᠤ ᠪᠡᠯᠴᠢᠭᠡᠷ ᠰᠡᠯᠭᠦᠬᠦ ᠨᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠮᠠᠯ ᠠᠵᠤ ᠠᠬᠤᠢ ᠶᠢᠨ ᠥᠷᠭᠦᠯᠵᠢᠯᠡᠬᠦᠶᠢᠴᠡ ᠬᠥᠭᠵᠢᠯᠲᠡ ᠳᠤ ᠴᠥᠮ ᠠᠰᠢᠭᠲᠠᠢ ᠶᠤᠮ︾ ᠭᠡᠵᠦ ᠠᠪᠠᠭ᠎ᠠ ᠬᠤᠰᠢᠭᠤᠨ ᠤ ᠵᠢᠷᠭᠠᠯᠠᠩᠲᠤ ᠰᠤᠮᠤᠨ ᠤ ᠥᠯᠵᠡᠶᠢᠲᠦ ᠭᠠᠴᠠᠭᠠᠨ ᠤ ᠮᠠᠯᠴᠢᠨ ᠲᠡᠭᠦᠰ ᠬᠡᠯᠡᠪᠡ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ