|
ᠬᠥᠬᠡᠬᠤᠲᠠ ᠶᠢᠨ ᠬᠢᠨ ᠰᠢᠶᠠᠩᠭᠠᠩ ᠣᠣᠮᠧᠨ ᠳᠤ ᠣᠴᠢᠵᠤ ᠢᠷᠡᠬᠦ ︽ᠬᠤᠪᠢ ᠬᠥᠮᠦᠨ ᠤ ᠵᠢᠭᠤᠯᠴᠢᠯᠠᠯ ᠤᠨ ᠴᠣᠬᠤᠯᠠᠪᠤᠷᠢ︾ ᠳᠤ ᠵᠢᠩᠬᠢᠨᠢ ᠪᠠᠷ ᠭᠠᠷ ᠤᠨ | ᠦᠰᠦᠭ ᠵᠢᠷᠤᠵᠤ ᠲᠠᠷᠬᠠᠭᠠᠪᠠ |
|
|
ᠨᠡᠶᠢᠲᠡᠯᠡᠭᠰᠡᠨ ᠴᠠᠭ᠄
2024/6/4
|
|
5 ᠳ᠋ᠤᠭᠠᠷ ᠰᠠᠷ᠎ᠠ ᠶᠢᠨ 28 ᠤ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 5 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠨ᠂ ᠲᠤᠰ ᠬᠤᠲᠠ ᠶᠢᠨ ᠡᠷᠦᠬᠡ ᠠᠮᠠ ᠶᠢᠨ ᠰᠠᠭᠤᠭᠠᠯᠢ ᠠᠷᠠᠳ ᠵᠢᠴᠢ ᠰᠠᠭᠤᠬᠤ ᠦᠨᠡᠮᠯᠡᠯ ᠭᠠᠷᠳᠠᠭᠴᠢ ᠳᠤ ᠰᠢᠶᠠᠩᠭᠠᠩ ᠣᠣᠮᠧᠨ ᠳᠤ ᠣᠴᠢᠵᠤ ᠢᠷᠡᠬᠦ ︽ᠬᠤᠪᠢ ᠬᠥᠮᠦᠨ ᠤ ᠵᠢᠭᠤᠯᠴᠢᠯᠠᠯ ᠤᠨ ᠴᠣᠬᠤᠯᠠᠪᠤᠷᠢ︾ ᠳᠤ ᠵᠢᠩᠬᠢᠨᠢ ᠪᠠᠷ ᠭᠠᠷ ᠤᠨ ᠦᠰᠦᠭ ᠵᠢᠷᠤᠵᠤ ᠲᠠᠷᠬᠠᠭᠠᠪᠠ᠃ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠡᠳᠦᠷ᠂ ᠮᠠᠨ ᠤ ᠬᠤᠲᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠦᠯᠢᠶᠡᠨ ᠠᠪᠴᠤ ᠰᠢᠢᠳᠪᠦᠷᠢᠯᠡᠭᠰᠡᠨ ᠰᠢᠶᠠᠩᠭᠠᠩ ᠣᠣᠮᠧᠨ ᠤ ᠨᠡᠪᠲᠡᠷᠡᠬᠦ ᠦᠨᠡᠮᠯᠡᠯ ᠵᠢᠴᠢ ᠴᠣᠬᠤᠯᠠᠪᠤᠷᠢᠯᠠᠭᠰᠠᠨ ᠲᠤᠭ᠎ᠠ ᠬᠡᠮᠵᠢᠶ᠎ᠡ ᠨᠢ ᠡᠮᠦᠨ᠎ᠡ ᠨᠢᠭᠡ ᠡᠳᠦᠷ ᠤᠨ ᠬᠢ ᠠᠴᠠ ᠪᠠᠨ ᠢᠯᠡᠳᠲᠡ ᠨᠡᠮᠡᠭᠳᠡᠪᠡ᠃ 5 ᠳ᠋ᠤᠭᠠᠷ ᠰᠠᠷ᠎ᠠ ᠶᠢᠨ 27 ᠤ ᠡᠳᠦᠷ ᠤᠨ 9 ᠴᠠᠭ ᠲᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠦᠨᠡᠮᠯᠡᠯ ᠠᠪᠬᠤ ᠲᠢᠩᠬᠢᠮ ᠳᠤ ᠴᠥᠭᠡᠨ ᠪᠤᠰᠤ ᠬᠤᠲᠠ ᠶᠢᠨ ᠠᠷᠠᠳ ᠨᠢᠭᠡᠨᠲᠡ ᠬᠢᠯᠢ ᠪᠠᠷ ᠣᠷᠣᠵᠤ ᠭᠠᠷᠬᠤ ᠦᠨᠡᠮᠯᠡᠯ ᠠᠪᠴᠤ ᠪᠠᠶᠢᠪᠠ᠃ ᠣᠶᠤᠨᠴᠢ ᠴᠣᠬᠤᠯᠠᠪᠤᠷᠢᠯᠠᠯᠲᠠ ᠶᠢᠨ ᠲᠤᠭᠤᠷᠢᠭ ᠲᠤ᠂ ᠲᠤᠬᠠᠶᠢᠯᠠᠭᠰᠠᠨ ᠠᠵᠢᠯ ᠭᠦᠢᠴᠡᠳᠭᠡᠭᠴᠢ ᠭᠦᠩ ᠠᠪᠤᠭᠠᠢ ᠰᠠᠨᠠᠭᠤᠯᠤᠮᠵᠢ ᠶᠣᠰᠣᠭᠠᠷ ᠴᠣᠬᠤᠯᠠᠪᠤᠷᠢ ᠶᠢᠨ ᠲᠦᠷᠦᠯ ᠵᠦᠢᠯ ᠰᠣᠩᠭᠤᠵᠣ᠂ ᠰᠦᠢᠳᠬᠡᠯ ᠲᠤᠰᠢᠶᠠᠨ᠂ ᠴᠣᠬᠤᠯᠠᠪᠤᠷᠢ ᠳᠠᠷᠤᠮᠠᠯᠯᠠᠵᠤ᠂ ᠪᠦᠬᠦ ᠶᠠᠪᠤᠴᠠ ᠨᠢ ᠥᠪᠡᠷᠲᠡᠭᠡᠨ ᠭᠠᠯᠲᠤ ᠲᠡᠷᠭᠡᠨ ᠤ ᠪᠢᠯᠧᠲ ᠬᠤᠳᠠᠯᠳᠤᠨ ᠠᠪᠬᠤ ᠲᠠᠢ ᠠᠳᠠᠯᠢᠪᠲᠤᠷ ᠪᠠᠶᠢᠵᠤ᠂ ᠵᠥᠪᠬᠡᠨ 3 ᠮᠢᠨᠦ᠋ᠲ ᠲᠤ ᠣᠶᠣᠨᠴᠢ ᠴᠣᠬᠤᠯᠠᠪᠤᠷᠢᠯᠠᠯᠲᠠ ᠶᠢᠨ ᠲᠥᠬᠦᠭᠡᠷᠦᠮᠵᠢ ᠳᠡᠭᠡᠷ᠎ᠡ ᠰᠢᠶᠠᠩᠭᠠᠩ ᠤᠨ ᠬᠤᠪᠢ ᠬᠥᠮᠦᠨ ᠤ ᠵᠢᠭᠤᠯᠴᠢᠯᠠᠯ ᠤᠨ ᠴᠣᠬᠤᠯᠠᠪᠤᠷᠢ ᠶᠢ ᠤᠷᠤᠭᠰᠢᠲᠠᠶ ᠭᠦᠢᠴᠡᠳᠭᠡᠪᠡ᠃ ᠭᠦᠩ ᠠᠪᠤᠭᠠᠢ ᠢᠯᠡᠷᠬᠡᠶᠢᠯᠡᠬᠦ ᠳᠤ ᠪᠠᠨ᠄ ︽ᠰᠢᠨ᠎ᠡ ᠲᠥᠷᠥ ᠶᠢᠨ ᠪᠣᠳᠣᠯᠭ᠎ᠠ ᠶᠤᠰᠤᠲᠠᠢ ᠰᠠᠶᠢᠨ ᠪᠠᠶᠢᠨ᠎ᠠ᠂ ᠲᠥᠬᠦᠭᠡᠷᠦᠮᠵᠢ ᠳᠡᠭᠡᠷ᠎ᠡ ᠳᠠᠷᠤᠶᠢᠬᠠᠨ ᠭᠦᠢᠴᠡᠳᠭᠡᠵᠦ ᠳᠠᠷᠤᠶᠢᠬᠠᠨ ᠠᠪᠬᠤ ᠨᠢ ᠰᠢᠶᠠᠩᠭᠠᠩ ᠣᠣᠮᠧᠨ ᠳᠤ ᠣᠴᠢᠬᠤ ᠬᠢᠯᠢ ᠠᠴᠠ ᠭᠠᠷᠬᠤ ᠪᠠᠴᠢᠮ ᠬᠡᠷᠡᠭᠴᠡᠭᠡ ᠶᠢ ᠪᠠᠲᠤᠯᠠᠪᠠ᠂ ᠦᠨᠡᠬᠡᠷ ᠳᠥᠭᠦᠮ ᠪᠣᠯᠪᠠ︾ ᠭᠡᠵᠡᠢ᠃ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠲᠣᠪᠴᠢᠶ᠎ᠠ 2024 ᠣᠨ ᠤ 5 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠨᠥᠬᠦᠴᠡᠯ ᠳᠤ ᠨᠡᠶᠢᠴᠡᠬᠦ ᠬᠥᠮᠦᠰ ᠲᠤ ᠰᠢᠶᠠᠩᠭᠠᠩ ᠣᠣᠮᠧᠨ ᠳᠤ ᠣᠴᠢᠵᠤ ᠢᠷᠡᠬᠦ ︽ᠬᠤᠪᠢ ᠬᠥᠮᠦᠨ ᠤ ᠵᠢᠭᠤᠯᠴᠢᠯᠠᠯ ᠤᠨ ᠴᠣᠬᠤᠯᠠᠪᠤᠷᠢ︾ ᠳᠤ ᠭᠠᠷ ᠤᠨ ᠦᠰᠦᠭ ᠵᠢᠷᠤᠵᠤ ᠲᠠᠷᠬᠠᠭᠠᠨ᠂ ᠬᠥᠬᠡᠬᠤᠲᠠ ᠶᠢ ᠪᠥᠬᠦ ᠣᠷᠣᠨ ᠤ ᠠᠩᠬᠠᠳᠠᠭᠴᠢ ᠲᠤᠷᠰᠢᠯᠲᠠ ᠶᠢᠨ ᠴᠡᠭ ᠤᠨ ᠬᠤᠲᠠ ᠪᠣᠯᠭᠠᠬᠤ ᠪᠠᠷ ᠲᠣᠭᠲᠠᠭᠠᠪᠠ᠃ 5 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠨ᠂ ᠬᠥᠬᠡᠬᠤᠲᠠ ᠶᠢᠨ ᠡᠷᠦᠬᠡ ᠠᠮᠠ ᠶᠢᠨ ᠰᠠᠭᠤᠭᠠᠯᠢ ᠠᠷᠠᠳ ᠵᠢᠴᠢ ᠰᠠᠭᠤᠬᠤ ᠦᠨᠡᠮᠯᠡᠯ ᠭᠠᠷᠳᠠᠭᠴᠢ ᠲᠤᠬᠠᠢ ᠶᠢᠨ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠥᠮᠦᠨ ᠤ ᠬᠦᠴᠦᠨ ᠤ ᠴᠣᠩᠬᠤᠪᠴᠢ ᠪᠤᠶᠤ ᠬᠥᠮᠦᠨ ᠤ ᠬᠦᠴᠦᠨ ᠤ ᠴᠣᠩᠬᠤᠪᠴᠢ ᠳᠤ ᠲᠣᠬᠢᠷᠠᠭᠤᠯᠤᠭᠰᠠᠨ ᠣᠶᠤᠨᠴᠢ ᠴᠣᠬᠤᠯᠠᠪᠤᠷᠢᠯᠠᠯᠲᠠ ᠶᠢᠨ ᠲᠥᠬᠦᠭᠡᠷᠦᠮᠵᠢ ᠳᠤ ᠭᠤᠶᠤᠴᠢᠯᠠᠯ ᠳᠡᠪᠰᠢᠭᠦᠯᠵᠦ᠂ ︽ᠬᠤᠪᠢ ᠬᠥᠮᠦᠨ ᠤ ᠵᠢᠭᠤᠯᠴᠢᠯᠠᠯ ᠤᠨ ᠴᠣᠬᠤᠯᠠᠪᠤᠷᠢ︾ ᠪᠤᠶᠤ ︽ᠪᠦᠯᠬᠦᠮ ᠨᠡᠶᠢᠲᠡ ᠶᠢᠨ ᠵᠢᠭᠤᠯᠴᠢᠯᠠᠯ ᠤᠨ ᠴᠣᠬᠤᠯᠠᠪᠤᠷᠢ︾ ᠶᠢ ᠭᠦᠢᠴᠡᠳᠭᠡᠵᠦ ᠪᠣᠯᠤᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|