ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠨᠡᠷᠡᠰ ᠢ ᠨᠡᠶᠢᠲᠡᠯᠡᠪᠡ  ᠥᠪᠥᠷ ᠮᠣᠩᠭᠤᠯ ᠤᠨ 10 ᠨᠢᠭᠡᠴᠢ ᠨᠡᠷᠡᠰ ᠲᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/6/5

 

      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠣᠶᠢᠷ᠎ᠠ ᠳᠤ 2023 ᠣᠨ ᠤ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠪᠠ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠤᠨ ᠲᠦᠰᠦᠯ ᠳᠤ ᠳᠠᠩᠰᠠᠯᠠᠭᠤᠯᠤᠭᠰᠠᠨ ᠨᠢᠭᠡᠴᠢ ᠨᠦᠭᠦᠳ ᠤᠨ ᠨᠡᠷᠡᠰ ᠢ ᠨᠡᠶᠢᠲᠡᠯᠡᠪᠡ᠃ ᠡᠭᠦᠨ ᠳᠤ ᠂ ᠥᠪᠥᠷ ᠮᠣᠩᠭᠤᠯ ᠤᠨ 5 ᠨᠢᠭᠡᠴᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠵᠤ ᠂ 5 ᠨᠢᠭᠡᠴᠢ ᠤᠯᠤᠰ ᠤᠨ ᠲᠠᠰ ᠤᠨ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠵᠠᠢ ᠃

      ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠣᠯᠪᠠᠰᠤᠷᠠᠭᠤᠯᠬᠤ ᠰᠠᠭᠤᠷᠢᠨ ᠢᠶᠠᠷ ᠰᠣᠩᠭᠤᠭᠳᠠᠭᠰᠠᠨ ᠨᠢ ᠄ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ ᠪᠦᠯᠦᠭᠯᠡᠯ ︶ ᠤᠨ ᠬᠤᠪᠢᠴᠠᠭᠠᠲᠤ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠂ ᠲᠦᠩᠯᠢᠶᠣᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠤᠯᠠᠭᠠᠨᠬᠠᠳᠠ ᠶᠢᠨ ᠪᠠᠷᠢᠯᠭ᠎ᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠂ ᠪᠠᠶᠠᠨᠨᠠᠭᠤᠷ ᠬᠤᠲᠠ ᠶᠢᠨ ᠳᠡᠭᠡᠳᠦ ᠵᠡᠷᠭᠡ ᠶᠢᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠣᠯᠤᠨ᠎ᠠ ᠃

      ᠤᠯᠤᠰ ᠤᠨ ᠲᠠᠰ ᠤᠨ ᠤᠷ᠎ᠠ ᠮᠡᠷᠭᠡᠰᠢᠯ ᠤᠨ ᠮᠠᠰᠲ᠋ᠧᠷ ᠤᠨ ᠠᠵᠢᠯᠯᠠᠬᠤ ᠲᠠᠰᠤᠭ ᠢᠶᠠᠷ ᠰᠣᠩᠭᠤᠭᠳᠠᠭᠰᠠᠨ ᠨᠢ ᠄ ᠥᠪᠥᠷ ᠮᠣᠩᠭᠤᠯ ᠤᠨ ᠰᠠᠨᠰᠠᠷ ᠠᠶᠠᠯᠠᠯ ᠤᠨ ᠬᠤᠩ ᠭᠠᠩ ᠮᠠᠰᠢᠨ ᠮᠧᠬᠠᠨᠢᠭ ᠤᠨ ᠬᠢᠵᠠᠭᠠᠷᠲᠤ ᠺᠣᠮᠫᠠᠨᠢ ᠶᠢᠨ ᠵᠧᠩ ᠴᠤᠤ ᠶᠠᠩ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠂ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠠᠨ ᠸᠧᠨ ᠯᠢ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠂ ᠬᠢᠩᠭᠠᠨ ᠠᠶᠢᠮᠠᠭ ᠤᠨ ᠮᠡᠷᠭᠡᠵᠢᠯ ᠤᠨ ᠴᠢᠳᠠᠪᠤᠷᠢᠲᠠᠨ ᠤ ᠳᠡᠭᠡᠳᠦ ᠰᠤᠷᠭᠠᠭᠤᠯᠢ ᠶᠢᠨ ᠯᠠᠨ ᠫᠧᠩ ᠹᠦ᠋ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠮᠦᠩᠭᠦᠨᠬᠤᠸᠠᠷ ᠤᠨ ᠮᠣᠩᠭᠤᠯ ᠦᠨᠳᠦᠰᠦᠲᠡᠨ ᠤ ᠬᠤᠪᠴᠠᠰᠤ ᠵᠠᠰᠠᠯ ᠣᠶᠣᠬᠤ ᠬᠡᠯᠲᠡᠰ ᠤᠨ ᠮᠦᠩᠭᠦᠨᠬᠤᠸᠠᠷ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠂ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠸᠠᠩ ᠸᠧᠶ ᠤᠷ᠎ᠠ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠪᠣᠯᠤᠨ᠎ᠠ ᠃

      ᠣᠳᠣᠬᠠᠨ ᠳᠤ ᠂ ᠥᠪᠥᠷ ᠮᠣᠩᠭᠤᠯ ᠳᠠᠬᠢ ᠤᠯᠤᠰ ᠤᠨ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠨᠡᠶᠢᠲᠡ 29 ᠂ ᠤᠯᠤᠰ ᠤᠨ ᠲᠠᠰ ᠤᠨ ᠮᠡᠷᠭᠡᠵᠢᠯ ᠤᠨ ᠮᠠᠰᠲ᠋ᠧᠷ ᠤᠨ ᠠᠵᠢᠯᠯᠠᠬᠤ ᠲᠠᠰᠤᠭ ᠨᠡᠶᠢᠲᠡ 50 ᠪᠠᠶᠢᠵᠤ ᠂ ᠮᠠᠨ ᠤ ᠣᠷᠣᠨ ᠤ ᠳᠡᠭᠡᠳᠦ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠥᠮᠦᠵᠢᠭᠦᠯᠬᠦ ᠬᠡᠪᠴᠢᠶ᠎ᠡ ᠶᠢ ᠥᠷᠭᠡᠳᠬᠡᠬᠦ ᠳᠤ ᠬᠦᠴᠦᠲᠡᠶ ᠲᠤᠰᠠᠯᠠᠮᠵᠢ ᠪᠣᠯᠪᠠ᠃ 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ