ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠤᠳᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/6/6

1.jpg


      6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ ︾ ᠪᠠᠷ ᠭᠤᠣᠯ ᠰᠡᠳᠦᠪ ᠪᠣᠯᠭᠠᠨ ᠂ ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠪᠡ ᠃ ᠰᠢᠨᠬᠤᠸᠠ ᠬᠤᠷᠢᠶᠠᠨ ᠤ ᠰᠣᠷᠪᠣᠯᠵᠢᠯᠠᠭᠴᠢ   ᠶᠢᠨ ᠪᠦᠸᠧ ᠭᠦ᠋   ᠰᠡᠭᠦᠳᠡᠷᠯᠡᠪᠡ



      ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 5 ᠤ ᠡᠳᠦᠷ ᠤᠨ ᠴᠠᠭᠢᠯᠭᠠᠨ ᠮᠡᠳᠡᠭᠡ   6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶ᠎ᠠ ︽ ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ ︾ ᠪᠠᠷ ᠭᠤᠣᠯ ᠰᠡᠳᠦᠪ ᠪᠣᠯᠭᠠᠨ ᠂ ᠨᠠᠢᠮᠠᠳᠤᠭᠠᠷ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠪᠠ ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠤᠷᠤᠯᠴᠠᠯᠭ᠎ᠠ ᠶᠢ ᠡᠷᠬᠢᠯᠡᠬᠦ ᠳᠤ ᠪᠠᠨ ᠂ ᠰᠢ  ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠬᠢᠭᠡᠳ ᠨᠠᠮ ᠤᠨ ᠲᠥᠪ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢ ᠲᠤᠭᠤᠰᠢᠯᠠᠭᠤᠯᠤᠨ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠬᠠᠤᠯᠢ ᠪᠠᠷ ᠵᠠᠰᠠᠬᠤ ᠰᠡᠳᠬᠢᠬᠦᠢ ᠬᠢᠭᠡᠳ ᠠᠷᠭ᠎ᠠ ᠬᠡᠯᠪᠡᠷᠢ ᠪᠠᠷ ᠠᠵᠢᠯ ᠢᠶᠠᠨ ᠠᠬᠢᠭᠤᠯᠬᠤ ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠨᠠᠭᠰᠢᠳᠠ ᠴᠢᠩᠭᠠᠳᠬᠠᠵᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠬᠡᠮᠡᠨ ᠴᠢᠩᠭᠠᠳᠬᠠᠭᠰᠠᠨ ᠪᠠᠶᠢᠨ᠎ᠠ᠃

      ᠳᠤᠮᠳᠠᠳᠤ ᠤᠯᠤᠰ ᠤᠨ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠵᠠᠬᠢᠷᠤᠯ ᠮᠠ ᠬᠤᠸᠠᠢ ᠳ᠋ᠧ ᠲᠠᠶᠢᠯᠤᠮᠵᠢ ᠬᠢᠪᠡ ᠃ ᠲᠥᠷᠥ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠂ ᠾᠧ ᠯᠢ ᠹᠧᠩ ᠂ ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠦ᠋ ᠵᠧᠩ ᠯᠦᠩ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃

      ᠯᠢ ᠴᠢᠶᠠᠩ ᠢᠯᠡᠳᠬᠡᠯ ᠪᠠ ᠰᠣᠯᠢᠯᠴᠠᠭᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭᠠᠲᠤ ᠡᠭᠦᠷᠭᠡ ᠪᠠ ᠭᠤᠣᠯ ᠴᠣᠭᠴᠠᠲᠤ ᠢᠨᠵᠧᠨᠧᠷᠢᠩ ᠮᠥᠨ ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ  ᠨᠢ ᠲᠦᠷᠦ ᠶᠢᠨ ᠶᠠᠪᠤᠳᠠᠯ ᠤᠨ ᠬᠤᠷᠢᠶᠠᠨ ᠤ ᠦᠨᠳᠦᠰᠦᠨ ᠬᠠᠤᠯᠢ ᠪᠠ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠬᠤ ᠳᠤ ᠨᠡᠩ ᠪᠠᠲᠤ ᠪᠠᠬᠢ ᠪᠠᠲᠤᠯᠠᠭ᠎ᠠ ᠬᠠᠩᠭᠠᠵᠠᠢ᠃ ᠣᠶᠢᠷ᠎ᠠ ᠶᠢᠨ ᠵᠢᠯ ᠤᠳ ᠲᠤ ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠢ ᠠᠬᠢᠴᠠ ᠲᠠᠢ ᠪᠣᠯᠪᠠ ᠃ ᠰᠢᠨ᠎ᠡ ᠪᠠᠶᠢᠳᠠᠯ ᠪᠠ ᠡᠭᠦᠷᠭᠡ ᠶᠢᠨ ᠡᠮᠦᠨ᠎ᠡ ᠂ ᠵᠠᠰᠠᠭ ᠤᠨ ᠣᠷᠳᠣᠨ ᠤ ᠠᠵᠢᠯᠲᠠᠳ ᠬᠠᠤᠯᠢ ᠪᠠᠷ ᠵᠠᠰᠠᠬᠤ ᠤᠬᠠᠮᠰᠠᠷ ᠢᠶᠠᠨ ᠴᠢᠨᠠᠭᠰᠢᠳᠠ ᠤᠯᠠᠮ ᠴᠢᠩᠭᠠᠳᠬᠠᠵᠤ᠂ ᠬᠠᠤᠯᠢ ᠪᠠᠷ ᠵᠠᠰᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠬᠠᠤᠯᠢ ᠪᠠᠷ ᠵᠠᠰᠠᠬᠤ ᠳᠠᠳᠬᠠᠯ ᠲᠠᠢ ᠪᠣᠯᠣᠭᠠᠳ᠂ ᠵᠠᠰᠠᠭ ᠤᠨ ᠣᠷᠳᠣᠨ ᠤ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠥᠷᠨᠢᠭᠦᠯᠵᠦ ᠂ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠨᠠᠩ ᠰᠠᠶᠢᠲᠤᠷ ᠲᠤᠭᠤᠰᠢᠯᠠᠭᠤᠯᠵᠤ ᠂ ᠠᠷᠠᠳ ᠣᠯᠠᠨ ᠤ ᠬᠦᠰᠡᠯ ᠡᠷᠡᠮᠡᠯᠵᠡᠯ ᠳᠤ ᠨᠡᠩ ᠨᠡᠶᠢᠴᠡᠭᠦᠯᠬᠦ ᠬᠡᠷᠡᠭᠲᠡᠢ ᠬᠡᠮᠡᠨ ᠵᠢᠭᠠᠨ ᠭᠠᠷᠭᠠᠵᠠᠢ᠃

      ᠯᠢ ᠴᠢᠶᠠᠩ ᠵᠢᠭᠠᠨ ᠭᠠᠷᠭᠠᠬᠤ ᠳᠤ ᠪᠠᠨ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ ᠶᠢ ᠠᠬᠢᠭᠤᠯᠤᠨ᠂ ᠬᠠᠤᠯᠢ ᠲᠣᠭᠲᠠᠭᠠᠬᠤ ᠪᠠᠭᠤᠷᠠᠢ ᠪᠠ ᠬᠤᠭᠤᠰᠤᠨ ᠢ ᠲᠦᠷᠭᠡᠬᠡᠨ ᠨᠥᠬᠦᠪᠦᠷᠢᠯᠡᠵᠦ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠦᠨᠳᠦᠰᠦᠯᠡᠬᠦ ᠬᠠᠤᠯᠢ ᠴᠠᠭᠠᠵᠠ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠂ ᠲᠡᠷᠡᠴᠢᠯᠡᠨ ᠥᠭᠡᠷᠡᠴᠢᠯᠡᠯᠲᠡ ᠬᠥᠭᠵᠢᠯᠲᠡ ᠶᠢᠨ ᠱᠠᠭᠠᠷᠳᠠᠯᠭ᠎ᠠ ᠳᠤ ᠡᠰᠡ ᠳᠣᠬᠢᠷᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠪᠠᠰᠠ ᠴᠠᠭ ᠲᠤᠬᠠᠢ ᠳᠤ ᠨᠢ ᠵᠠᠰᠠᠪᠤᠷᠢᠯᠠᠬᠤ ᠪᠤᠶᠤ ᠴᠤᠴᠠᠯᠬᠤ ᠪᠠᠨ ᠠᠬᠢᠭᠤᠯᠬᠤ ᠬᠡᠷᠡᠭᠲᠡᠢ ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠵᠢᠵᠢᠭ ᠲᠦᠷᠭᠡᠨ ᠤᠶᠠᠨ ︾ ᠂ ᠬᠠᠨᠳᠤᠯᠭᠠᠲᠤ ᠴᠢᠨᠠᠷ ᠢᠶᠠᠷ ᠴᠢᠩᠭ᠎ᠠ ᠬᠠᠤᠯᠢ ᠳᠣᠭᠲᠠᠭᠠᠯᠲᠠ ᠶᠢ ᠢᠯᠡᠭᠦᠬᠡᠨ ᠠᠬᠢᠭᠤᠯᠵᠤ ᠂ ᠠᠵᠤ ᠠᠬᠤᠶᠢᠯᠠᠯ ᠪᠠ ᠤᠯᠠᠨ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠦᠨᠡᠨ ᠬᠦ ᠰᠢᠢᠳᠪᠦᠷᠢᠯᠡᠬᠦ ᠬᠡᠷᠡᠭᠲᠡᠢ ᠃ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠤᠨ᠂ ᠡᠷᠴᠢᠮ ᠬᠦᠴᠦᠲᠡᠢ ᠪᠠᠶᠢᠵᠤ᠂ ᠬᠠᠤᠯᠢ ᠶᠢ ᠵᠠᠪᠠᠯ ᠵᠢᠷᠤᠮᠯᠠᠬᠤ ᠂ ᠬᠠᠤᠯᠢ ᠶᠢ ᠵᠠᠪᠠᠯ ᠴᠢᠩᠭ᠎ᠠ ᠬᠡᠷᠡᠭᠵᠢᠭᠦᠯᠬᠦ ᠂ ᠬᠠᠤᠯᠢ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠢ ᠪᠠᠷᠢᠮᠲᠠᠯᠠᠬᠤ ᠬᠡᠷᠡᠭᠲᠡᠢ ᠪᠠᠷ ᠦᠯᠦ ᠪᠠᠷᠠᠮ ᠪᠠᠰᠠ ᠰᠡᠳᠬᠢᠯᠭᠡ ᠲᠠᠢ ᠪᠠᠶᠢᠵᠤ ᠂ ᠴᠢᠬᠤᠯᠠ ᠲᠠᠢ ᠦᠶ᠎ᠡ ᠳᠤ ᠤᠶᠠᠨ ᠬᠠᠳᠠᠨ ᠢᠶᠠᠷ ᠬᠠᠤᠯᠢ ᠬᠡᠷᠡᠭᠵᠢᠭᠦᠯᠬᠦ ᠂ ᠬᠥᠮᠥᠡᠯᠢᠭ ᠢᠶᠠᠷ ᠬᠠᠤᠯᠢ ᠬᠡᠷᠡᠭᠵᠢᠭᠦᠯᠬᠦ ᠵᠡᠷᠭᠡ ᠠᠷᠭ᠎ᠠ ᠬᠡᠯᠪᠡᠷᠢ ᠶᠢ ᠠᠪᠴᠤ ᠂ ᠡᠷᠬᠡ ᠲᠡᠭᠰᠢ ᠲᠥᠪ ᠭᠤᠣᠯᠴᠢ ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠬᠤ ᠬᠡᠷᠡᠭᠲᠡᠢ ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠦᠨᠳᠦᠰᠦᠨ ᠪᠠᠷᠢᠮᠵᠢᠶᠠᠨ ᠤ ᠳᠦᠷᠢᠮ ᠢ ᠲᠦᠷᠭᠡᠪᠴᠢᠯᠡᠨ ᠨᠠᠶᠢᠳᠠᠪᠤᠷᠢᠵᠢᠭᠤᠯᠵᠤ ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠨᠤᠭᠤᠳ ᠢ ᠰᠢᠢᠳᠬᠡᠬᠦ ᠪᠠᠷᠢᠮᠵᠢᠶ᠎ᠠ ᠨᠢᠭᠡᠳᠦᠯᠲᠡᠢ ᠂ ᠳᠠᠷᠠᠭᠠᠯᠠᠯ ᠲᠥᠪ ᠭᠤᠤᠯᠴᠢ ᠂ ᠦᠷ᠎ᠡ ᠳ᠋ᠦᠩ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠬᠢᠨᠠᠯᠲᠠ ᠲᠠᠯᠪᠢᠯᠲᠠ ᠪᠠᠨ ᠲᠡᠭᠦᠯᠳᠡᠷᠵᠢᠭᠦᠯᠵᠦ ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠯᠴᠠᠭ᠎ᠠ ᠶᠢ ᠪᠦᠷᠢᠨᠰᠢᠭᠦᠯᠵᠦ ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ ᠮᠥᠷᠲᠡᠭᠡᠨ ᠵᠠᠰᠠᠭ ᠵᠠᠬᠢᠷᠭᠠᠨ ᠤ ᠬᠢᠨᠠᠯᠲᠠ ᠪᠠᠨ ᠲᠡᠭᠦᠯᠳᠡᠷᠵᠢᠭᠦᠯᠦᠨ᠂ ᠬᠢᠨᠠᠯᠲᠠ ᠲᠠᠢ ᠨᠥᠬᠦᠴᠡᠯ ᠳᠣᠣᠷ᠎ᠠ ᠡᠷᠬᠡ ᠪᠠᠨ ᠬᠡᠷᠡᠭᠵᠢᠭᠦᠯᠬᠦ ᠳᠠᠳᠬᠠᠯ ᠬᠢᠭᠡᠳ ᠤᠬᠠᠮᠰᠠᠷ ᠢ ᠪᠤᠢ ᠪᠣᠯᠭᠠᠵᠤ ᠂ ᠵᠠᠰᠠᠭ ᠤᠨ ᠣᠷᠳᠣᠨ ᠤ ᠠᠵᠢᠯ ᠢ ᠢᠮᠠᠭᠲᠠ ᠢᠯᠡ ᠪᠠᠷ ᠶᠠᠪᠤᠭᠳᠠᠭᠤᠯᠬᠤ ᠬᠡᠷᠡᠭᠲᠡᠢ ᠭᠡᠯ᠎ᠡ᠃

      ᠯᠢ ᠴᠢᠶᠠᠩ ᠴᠢᠬᠤᠯᠠᠴᠢᠯᠠᠬᠤ ᠳᠤ ᠪᠠᠨ᠂ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠪᠠ ᠲᠦᠪᠰᠢᠨ ᠢ  ᠨᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠳᠤᠷᠢᠳᠬᠤ ᠺᠠᠳ᠋ᠷᠴᠤᠳ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ ᠂ ᠬᠥᠮᠦᠵᠢᠯ ᠪᠣᠯᠪᠠᠰᠤᠷᠠᠯ ᠢ ᠦᠨᠡᠨ ᠬᠦ ᠴᠢᠩᠭᠠᠳᠬᠠᠵᠤ ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢᠨ ᠲᠣᠭᠤᠷᠢᠨ ᠳᠤ ᠬᠤᠯᠪᠤᠭᠳᠠᠯ ᠪᠦᠬᠦᠢ ᠬᠠᠤᠯᠢ ᠲᠣᠭᠲᠠᠭᠠᠯ ᠂ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠳ ᠢ ᠲᠣᠬᠢᠷᠠᠭᠤᠯᠤᠨ ᠰᠢᠯᠢᠳᠡᠭᠵᠢᠭᠦᠯᠬᠦ ᠪᠠᠨ ᠠᠬᠢᠭᠤᠯᠵᠤ᠂ ᠬᠠᠤᠯᠢ ᠶᠣᠰᠣᠭᠠᠷ ᠥᠨᠳᠥᠷ ᠪᠦᠲᠦᠮᠵᠢᠲᠡᠶ ᠠᠵᠢᠯ ᠶᠠᠪᠤᠳᠠᠯ ᠭᠦᠢᠴᠡᠳᠬᠡᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ