ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ  ᠸᠠᠩ ᠯᠢ ᠰᠢᠶᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/7/1


      ᠡᠬᠡ ᠤᠯᠤᠰ ᠤᠨ ᠠᠰ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ᠃ 6 ᠰᠠᠷ᠎ᠠ ᠶᠢᠨ 30 ᠤ ᠡᠳᠦᠷ᠂ 2024 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠡᠪᠡᠰᠦ ᠨᠣᠭᠤᠭ᠎ᠠ ᠬᠥᠬᠡᠷᠡᠨ ᠨᠣᠭᠤᠭᠠᠷᠠᠵᠤ᠂ ᠬᠤᠸᠠᠷ ᠴᠡᠴᠡᠭ ᠮᠢᠷᠠᠯᠵᠠᠨ ᠳᠡᠯᠭᠡᠷᠡᠭᠰᠡᠨ ᠴᠡᠯᠡᠭᠡᠷ ᠲᠠᠯ᠎ᠠ ᠳᠤ ᠶᠠᠪᠤᠭᠳᠠᠪᠠ᠃


1.jpg 

     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠬᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠢ ᠡᠷᠭᠢᠯᠡᠵᠠᠢ᠃


2.jpg 

     ᠸᠠᠩ ᠯᠢ ᠰᠢᠶᠠ᠂ ᠥᠪᠥᠷ ᠮᠣᠩᠭᠤᠯ ᠤᠨ ᠪᠠᠶᠢᠭᠠᠯᠢ ᠶᠢᠨ ᠦᠵᠡᠮᠵᠢ ᠰᠦᠷᠯᠢᠭ ᠰᠠᠶᠢᠬᠠᠨ᠂ ᠲᠡᠦᠬᠡ ᠰᠣᠶᠣᠯ ᠥᠨᠢ ᠤᠳᠠᠭᠠᠨ᠂ ᠦᠨᠳᠦᠰᠦᠲᠡᠨ ᠤ ᠵᠠᠩ ᠦᠢᠯᠡ ᠥᠪᠡᠷᠮᠢᠴᠡ ᠪᠠᠶᠢᠳᠠᠭ᠃ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ︽ᠥᠪᠡᠰᠤᠪᠡᠨ ᠲᠡᠷᠭᠡ ᠵᠢᠯᠤᠭᠤᠳᠴᠤ ᠵᠢᠭᠤᠯᠴᠢᠯᠠᠬᠤ ᠶᠢᠨ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠶᠢᠨ ᠰᠣᠳᠣᠨ ᠰᠣᠩᠭᠤᠯᠲᠠ ᠶᠢᠨ ᠭᠠᠵᠠᠷ᠂ ᠠᠮᠠᠷᠠᠵᠤ ᠵᠢᠭᠤᠯᠴᠢᠯᠠᠬᠤ ᠶᠢᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠬᠢᠵᠦ ᠵᠢᠭᠤᠯᠴᠢᠯᠠᠬᠤ ᠶᠢᠨ ᠰᠢᠯᠢᠳᠡᠭ ᠰᠣᠩᠭᠤᠯᠲᠠ ᠶᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠨᠴᠠᠯᠢᠭ ᠶᠠᠰᠤ ᠴᠢᠨᠠᠷ᠂ ᠰᠣᠶᠣᠯ ᠢ ᠪᠡᠶᠡᠴᠢᠯᠡᠨ ᠣᠶᠢᠯᠠᠭᠠᠬᠤ᠂ ᠠᠵᠤ ᠦᠢᠯᠡᠰ ᠢ ᠨᠡᠶᠢᠳᠬᠡᠬᠦ᠂ ᠦᠢᠯᠡᠴᠢᠯᠡᠭᠡ ᠶᠢ ᠳᠡᠰ ᠳᠡᠪᠰᠢᠭᠦᠯᠬᠦ᠂ ᠭᠤᠣᠯ ᠴᠣᠭᠴᠠ ᠶᠢ ᠪᠣᠶᠢᠵᠢᠭᠤᠯᠬᠤ᠂ ᠤᠬᠠᠭᠤᠯᠤᠨ ᠪᠣᠷᠣᠯᠠᠭᠤᠯᠬᠤ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠡᠬᠢ ᠪᠠᠶᠠᠯᠢᠭ ᠤᠨ ᠲᠣᠮᠣ ᠣᠷᠣᠨ ᠢ ᠵᠢᠭᠤᠯᠴᠢᠯᠠᠯ ᠤᠨ ᠠᠵᠤ ᠦᠢᠯᠡᠰ ᠤᠨ ᠬᠦᠴᠦᠷᠬᠡᠭ ᠣᠷᠣᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ︽ᠷᠣᠮᠠᠨᠲ᠋ᠢᠭ ᠬᠠᠪᠤᠷ︾᠂  ︽ᠰᠡᠷᠢᠭᠦᠨ ᠵᠣᠨ︾᠂ ︽ᠭᠤᠶᠢᠳᠠ ᠨᠠᠮᠤᠷ ︾᠂ ︽ᠭᠠᠶᠢᠬᠠᠯᠲᠠᠢ ᠡᠪᠦᠯ︾ ᠳᠥᠷᠪᠡᠨ ᠤᠯᠠᠷᠢᠯ ᠤᠨ ᠵᠢᠭᠤᠯᠴᠢᠯᠠᠯ ᠤᠨ ᠲᠦᠷᠤᠯ ᠲᠡᠮᠳᠡᠭ ᠢ ᠡᠭᠦᠳᠴᠦ᠂ ︽ᠢᠳᠡᠵᠦ ᠤᠤᠭᠤᠬᠤ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ ᠵᠤᠭ᠎ᠠ ᠴᠡᠩᠭᠡᠯ︾ ᠵᠢᠭᠤᠯᠴᠢᠯᠠᠯ ᠤᠨ ᠪᠦᠭᠦ ᠡᠯᠧᠮᠧᠨ᠋ᠲ ᠢ ᠨᠠᠷᠢᠯᠢᠭ ᠬᠢᠵᠦ᠂ ᠵᠢᠭᠤᠯᠴᠢᠯᠠᠬᠰᠠᠳ ᠤᠨ ᠪᠡᠶ᠎ᠡ ᠰᠡᠳᠬᠢᠯ ᠢ ᠨᠢ ᠪᠠᠶᠠᠰᠤᠩᠭᠤᠢ ᠪᠤᠯᠭᠠᠵᠤ᠂ ᠰᠡᠳᠬᠢᠯ ᠬᠤᠷᠭᠤᠳᠠᠭᠤᠯᠬᠤ ᠬᠡᠷᠡᠭᠲᠡᠢ᠃ ︽ᠵᠢᠭᠤᠯᠴᠢᠯᠠᠯ + ᠠᠮᠢ ᠠᠬᠤᠢ︾᠂ ︽ᠵᠢᠭᠤᠯᠴᠢᠯᠠᠯ + ᠡᠷᠡᠭᠦᠯᠵᠢᠯ ᠰᠤᠪᠢᠯᠠᠯᠲᠠ︾᠂  ︽ᠵᠢᠭᠤᠯᠴᠢᠯᠠᠯ + ᠲᠠᠷᠢᠶᠠᠯᠠᠩ︾᠂ ︽ᠵᠢᠭᠤᠯᠴᠢᠯᠠᠯ + ᠪᠡᠶ᠎ᠡ ᠶᠢᠨ ᠲᠠᠮᠢᠷ ᠤᠨ ᠲᠣᠬᠯᠠᠯᠲᠠ︾ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠦᠢᠯᠡᠴᠢᠯᠡᠭᠡᠨ ᠤ ᠬᠠᠩᠭᠠᠯᠭ᠎ᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠢᠭᠡ ᠪᠦᠯᠦᠭ ᠰᠣᠶᠣᠯ ᠵᠢᠭᠤᠯᠴᠢᠯᠠᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠣᠷᠣᠭᠤᠯᠤᠨ ᠠᠪᠴᠢᠷᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃ ᠸᠠᠩ ᠯᠢ ᠰᠢᠶᠠ ᠠᠵᠤ ᠠᠬᠤᠶᠢᠯᠠᠯᠲᠠᠨ᠂ ᠵᠢᠭᠤᠯᠴᠢᠯᠠᠯ ᠤᠨ ᠠᠵᠢᠯ ᠲᠦᠷᠦᠯ ᠤᠨ ᠲᠥᠯᠥᠭᠡᠯᠡᠭᠴᠢ᠂ ᠵᠠᠭᠤᠴᠢᠯᠠᠭᠤᠷ ᠤᠨ ᠨᠠᠶᠢᠵᠠ ᠨᠠᠷ ᠢ ᠥᠪᠥᠷ ᠮᠣᠩᠭᠤᠯ ᠤᠨ ᠬᠥᠭᠵᠢᠯᠲᠡ ᠶᠢᠨ ᠣᠷᠣᠯᠴᠠᠭᠴᠢ᠂ ᠳᠦᠷᠢ ᠲᠥᠷᠬᠦ ᠶᠢᠨ ᠲᠠᠨᠢᠯᠴᠠᠭᠤᠯᠤᠭᠴᠢ᠂ ᠵᠢᠭᠤᠯᠴᠢᠯᠠᠯ ᠤᠨ ᠤᠬᠠᠭᠤᠯᠤᠭᠴᠢ ᠪᠣᠯᠵᠤ᠂ ᠲᠦᠷᠪᠡᠨ ᠵᠦᠭ ᠤᠨ ᠵᠣᠴᠢᠳ ᠢ ᠲᠠᠲᠠᠵᠤ ᠬᠠᠮᠲᠤ ᠪᠠᠷ ︽ᠲᠠᠯ᠎ᠠ ᠨᠤᠲᠤᠭ ᠲᠤ ᠪᠣᠯᠵᠣᠬᠤ︾ ᠶᠢ ᠴᠢᠩ ᠰᠡᠳᠬᠢᠯ ᠠᠴᠠ ᠪᠠᠨ ᠤᠷᠢᠪᠠ᠃



      ᠡᠭᠢᠯᠡᠯᠲᠡ ᠶᠢᠨ ᠶᠣᠰᠣᠯᠠᠯ ᠳᠡᠭᠡᠷ᠎ᠡ᠂ ᠳᠡᠯᠡᠬᠡᠢ ᠶᠢᠨ ᠵᠢᠭᠤᠯᠴᠢᠯᠠᠯ ᠤᠨ ᠬᠤᠯᠪᠣᠭᠠᠨ ᠤ ᠲᠡᠷᠢᠭᠦᠯᠡᠭᠴᠢ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠤᠯ ᠤᠨ ᠳᠡᠳ᠋ ᠰᠠᠶᠢᠳ ᠵᠠᠩ ᠰᠢᠦᠢ᠂ ᠳᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠨᠡᠶᠢᠭᠡᠮᠯᠢᠭ ᠤᠨ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠤᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠤᠤᠯ ᠤᠨ ᠳᠡᠳ᠋ ᠳᠠᠷᠤᠭ᠎ᠠ ᠸᠠᠩ ᠰᠢᠶᠣᠣ ᠹᠧᠩ ᠪᠠᠶᠠᠷ ᠤᠨ ᠦᠭᠡ ᠬᠡᠯᠡᠵᠦ᠂ ᠥᠪᠥᠷ ᠮᠣᠩᠭᠤᠯ ᠤᠨ ᠵᠢᠭᠤᠯᠴᠢᠯᠠᠯ ᠤᠨ ᠳᠦᠷᠢ ᠲᠥᠷᠬᠦ ᠶᠢᠨ ᠡᠯᠴᠢᠨ ᠰᠠᠷᠠᠨ᠎ᠠ ᠥᠪᠥᠷ ᠮᠣᠩᠭᠤᠯ ᠤᠨ ᠵᠢᠭᠤᠯᠴᠢᠯᠠᠯ ᠤᠨ ᠣᠷᠣᠯᠠᠨ ᠥᠭᠦᠯᠡᠭᠴᠢ ᠪᠣᠯᠤᠭᠰᠠᠨ ᠪᠥᠭᠡᠳ ᠲᠠᠨᠢᠯᠴᠠᠭᠤᠯᠭ᠎ᠠ ᠬᠢᠵᠦ᠂ ᠰᠢᠶᠧ ᠴᠧᠩ᠂ ᠲᠦᠩ ᠴᠧᠩ᠂ ᠮᠠ ᠹᠧᠩ ᠸᠧ᠂ ᠰᠢᠶᠣᠣ ᠬᠤᠩ ᠱᠣ᠋ ᠵᠡᠷᠭᠡ ᠠᠵᠤ ᠠᠬᠤᠶᠢᠯᠠᠯ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠰᠠᠨᠠᠭᠠᠴᠢᠯᠠᠭ᠎ᠠ ᠭᠠᠷᠭᠠᠵᠤ᠂ ︽ᠭᠤᠤ ᠳ᠋ᠧ ᠨᠢᠭᠡ ᠳᠠᠷᠤᠪᠴᠢ ᠪᠠᠷ ᠥᠪᠥᠷ ᠮᠣᠩᠭᠤᠯ ᠢᠶᠠᠷ ᠵᠢᠭᠤᠯᠴᠢᠯᠠᠬᠤ︾ ᠪᠠ ᠥᠪᠥᠷ ᠮᠣᠩᠭᠤᠯ ᠤᠨ ᠵᠤᠨ ᠤ ᠤᠯᠠᠷᠢᠯ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠨᠡᠶᠢᠲᠡᠯᠡᠵᠦ᠂ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾ ᠭᠡᠬᠦ ᠥᠪᠥᠷ ᠮᠣᠩᠭᠤᠯ ᠢᠶᠠᠷ ᠵᠢᠭᠤᠯᠴᠢᠯᠠᠬᠤ ᠠᠵᠢᠯᠯᠠᠭ᠎ᠠ ᠶᠢ ᠡᠬᠢᠯᠡᠭᠦᠯᠵᠡᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ