ᠬᠦᠴᠦᠨ ᠢᠶᠠᠨ ᠲᠥᠪᠯᠡᠷᠡᠭᠦᠯᠦᠨ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠵᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/7/10

 

      ᠪᠦᠭᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ ᠂ ᠬᠦᠴᠦᠨ ᠢᠶᠠᠨ ᠲᠥᠪᠯᠡᠷᠡᠭᠦᠯᠦᠨ ᠂ ᠦᠩᠭᠡᠨ ᠲᠠᠯ᠎ᠠ ᠪᠠ ᠦᠨᠳᠦᠰᠦᠨ ᠠᠴᠠ  ᠨᠢ ᠵᠠᠰᠠᠵᠤ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠵᠦ ᠪᠠᠶᠢᠨ᠎ᠠ ᠃

      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠤᠯᠤᠰ ᠲᠦᠷᠦ ᠶᠢ ᠡᠷᠭᠢᠮᠯᠡᠭᠦ ᠶᠢ ᠦᠭᠡ ᠶᠠᠷᠢᠶ᠎ᠠ ᠦᠢᠯᠡ ᠠᠵᠢᠯᠯᠠᠭ᠎ᠠ ᠂ ᠪᠢᠴᠢᠭ ᠮᠠᠲ᠋ᠧᠷᠢᠶᠠᠯ ᠬᠤᠷᠠᠯ ᠴᠤᠭᠯᠠᠭᠠᠨ ᠂ ᠡᠳᠦᠷ ᠲᠤᠲᠤᠮ ᠤᠨ ᠠᠮᠢᠳᠤᠷᠠᠯ ᠳᠤᠮᠳᠠ ᠢᠯᠡᠷᠡᠭᠦᠯᠪᠡ ᠃ ᠡᠯᠪᠡᠭ ᠪᠠᠶᠠᠯᠢᠭ ᠣᠯᠠᠨ ᠶᠠᠩᠵᠤ ᠶᠢᠨ ᠰᠤᠷᠤᠯᠴᠠᠬᠤ ᠭᠡᠯᠪᠡᠷᠢ ᠪᠠᠷ ᠳᠠᠮᠵᠢᠭᠤᠯᠤᠨ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ ᠂ ᠰᠠᠬᠢᠯᠭ᠎ᠠ ᠪᠠᠲᠤ ᠶᠢ ᠣᠶᠢᠯᠠᠭᠠᠬᠤ ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ ᠂ ᠰᠠᠬᠢᠯᠭ᠎ᠠ ᠪᠠᠲᠤ ᠶᠢ ᠰᠠᠬᠢᠬᠤ ᠶᠢ ᠬᠥᠮᠥᠵᠢᠭᠦᠯᠦᠨ ᠵᠢᠯᠤᠭᠤᠳᠴᠤ ᠂ ᠬᠠᠷᠢᠭᠤᠴᠠᠯᠭ᠎ᠠ ᠡᠭᠦᠷᠭᠡᠯᠡᠨ ᠵᠣᠬᠢᠶᠠᠨ ᠪᠠᠶᠢᠭᠤᠯᠤᠯᠲᠠ ᠠᠴᠠ ᠲᠤᠰᠢᠶᠠᠭᠰᠠᠨ ᠡᠭᠦᠷᠭᠡ ᠶᠢ ᠰᠠᠶᠢᠲᠤᠷ ᠬᠢᠪᠡ ᠃ ︽ ᠬᠡᠷᠡᠭ ᠢᠶᠠᠷ ᠳᠥᠷᠪᠡᠨ ᠤᠴᠢᠷ ᠶᠣᠰᠣ ᠶᠢ ᠶᠠᠷᠢᠬᠤ ︾ ᠵᠡᠷᠭᠡ ᠰᠡᠷᠡᠮᠵᠢᠯᠡᠭᠦᠯᠭᠦ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠨ ᠨᠠᠮ ᠤᠨ ᠵᠠᠷᠴᠢᠮ ᠂ ᠰᠠᠬᠢᠯᠭ᠎ᠠ ᠪᠠᠲᠤ ᠪᠠ ᠶᠣᠰᠣ ᠳᠦᠷᠢᠮ ᠢ ᠴᠢᠩᠭ᠎ᠠ ᠵᠢᠷᠤᠮᠯᠠᠨ ᠠᠵᠢᠯᠯᠠᠵᠤ ᠂ ᠲᠡᠮᠦᠷ ᠮᠡᠲᠦ ᠰᠠᠬᠢᠯᠭ᠎ᠠ ᠪᠠᠲᠤ ᠶᠢ ᠦᠨᠡᠨ ᠬᠦ ᠡᠳᠦᠷ ᠲᠤᠲᠤᠮ ᠤᠨ ᠳᠠᠳᠬᠠᠯ ᠪᠠ ᠠᠵᠢᠯᠯᠠᠭᠠᠨ ᠤ ᠪᠠᠷᠢᠮᠵᠢᠶ᠎ᠠ ᠪᠣᠯᠭᠠᠨ ᠬᠤᠪᠢᠷᠠᠭᠤᠯᠵᠤ ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠥᠯᠢᠭᠡᠷ ᠳᠠᠭᠤᠷᠢᠶᠠᠯ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠬᠦᠴᠦᠯᠡᠨ ᠴᠢᠷᠮᠠᠶᠢᠪᠠ ᠃ ᠡᠭᠦᠨ ᠤ ᠬᠠᠮᠲᠤ ᠂ ︽ ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠵᠡᠷᠭᠡ ᠠᠵᠢᠯ ᠤᠨ ᠲᠣᠭᠤᠷᠢᠨ ᠳᠤ ᠂ ᠪᠢᠴᠢᠭ ᠮᠠᠲ᠋ᠧᠷᠢᠶᠠᠯ ᠪᠠ ᠬᠤᠷᠠᠯ ᠤᠨ ᠲᠤᠭ᠎ᠠ ᠶᠢ ᠪᠦᠲᠦᠮᠵᠢᠲᠡᠢ ᠪᠠᠭᠠᠰᠬᠠᠵᠤ ᠂ ᠤᠯᠠᠨ ᠤ ᠨᠡᠩ ᠤᠯᠠᠨ ᠴᠠᠭ ᠪᠠ ᠤᠶᠤᠨ ᠴᠢᠳᠠᠯ ᠢᠶᠠᠨ ᠠᠵᠢᠯ ᠬᠢᠵᠦ ᠦᠢᠯᠡᠰ ᠪᠣᠰᠬᠠᠬᠤ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠡᠭᠡᠷ᠎ᠡ ᠲᠥᠪᠯᠡᠷᠡᠭᠦᠯᠬᠦ ᠶᠢ ᠠᠬᠢᠭᠤᠯᠪᠠ ᠃

      ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ  ᠨᠢ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠲᠠᠯ᠎ᠠ ᠪᠠᠷ ᠪᠣᠳᠠᠲᠠᠢ ᠠᠷᠭ᠎ᠠ ᠠᠪᠴᠤ ᠂ ᠠᠵᠢᠯ ᠤᠨ ᠲᠥᠰᠥᠯ ᠲᠣᠭᠲᠠᠭᠠᠨ ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠭᠠᠷᠭᠠᠵᠤ ᠂ ᠢᠯᠡᠷᠡᠭᠦᠯᠦᠭᠰᠡᠨ ᠠᠰᠠᠭᠤᠳᠠᠯ ᠢ ᠮᠡᠳᠡᠭᠰᠡᠨ ᠳᠠᠷᠤᠢ ᠳᠤᠨᠢ ᠴᠡᠭᠴᠡᠯᠡᠨ ᠰᠠᠶᠢᠵᠢᠷᠠᠭᠤᠯᠵᠤ ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠠᠬᠢᠭᠤᠯᠤᠨ ᠂ ᠰᠤᠷᠤᠯᠴᠠᠯᠭ᠎ᠠ ᠬᠥᠮᠦᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠪᠠᠲᠤᠯᠠᠪᠠ ᠃ ᠰᠤᠷᠤᠯᠴᠠᠯᠭ᠎ᠠ ᠶᠢᠨ ᠭᠤᠣᠯᠳᠠᠯᠭ᠎ᠠ ᠳᠡᠭᠡᠷ᠎ᠡ ᠦᠨᠡᠨ ᠬᠦ ᠠᠩᠬᠠᠷᠤᠯ ᠢᠶᠠᠨ ᠲᠥᠪᠯᠡᠷᠡᠭᠦᠯᠵᠦ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ︾ ᠢ ᠰᠤᠷᠤᠯᠴᠠᠬᠤ ᠲᠠᠢ ᠨᠢᠭᠲᠠ ᠤᠶᠠᠯᠳᠤᠭᠤᠯᠤᠨ ᠂ ᠲᠥᠪᠯᠡᠷᠡᠭᠦᠯᠦᠨ ᠨᠣᠮ ᠤᠩᠰᠢᠬᠤ ᠲᠤᠰᠬᠠᠢ ᠰᠡᠳᠦᠪᠲᠦ ᠲᠠᠶᠢᠯᠤᠮᠵᠢ ᠬᠢᠬᠦ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠂ ᠪᠦᠭᠦ ᠨᠠᠮ ᠤᠨ ᠭᠡᠰᠢᠭᠦᠨ ᠢ ᠬᠥᠲᠥᠯᠥᠨ ᠵᠢᠯᠤᠭᠤᠳᠴᠤ ᠲᠠᠭᠠᠨ ᠰᠤᠷᠤᠯᠴᠠᠭᠤᠯᠪᠠ ᠃ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠬᠤ ᠶᠢ ᠭᠦᠨᠵᠡᠭᠡᠶᠢᠷᠡᠭᠦᠯᠬᠦ ᠲᠠᠯ᠎ᠠ ᠪᠠᠷ ᠲᠠᠭᠢᠨ ᠰᠢᠨ᠎ᠡ ᠳᠡᠭᠲᠡᠷ ᠲᠤ ᠭᠠᠷᠴᠤ ᠂ ᠳᠡᠷᠭᠡᠳᠡᠬᠢ ᠤᠴᠢᠷ ᠶᠠᠪᠤᠳᠠᠯ ᠢᠶᠠᠷ ᠳᠡᠷᠭᠡᠳᠡᠬᠢ ᠬᠥᠮᠥᠨ ᠢᠶᠠᠨ ᠬᠥᠮᠥᠵᠢᠭᠦᠯᠬᠦ ᠶᠢ ᠴᠢᠬᠤᠯᠠᠴᠢᠯᠠᠵᠤ ᠂ ᠲᠤᠷᠰᠢᠯᠭ᠎ᠠ ᠰᠤᠷᠭᠠᠮᠵᠢ ᠪᠠᠨ ᠵᠢᠭᠠᠬᠤ ᠮᠠᠲ᠋ᠧᠷᠢᠶᠠᠯ ᠪᠣᠯᠭᠠᠨ ᠬᠤᠪᠢᠷᠠᠭᠤᠯᠵᠤ ᠂ ᠨᠠᠮ ᠤᠨ ᠭᠡᠰᠢᠭᠦᠨ ᠺᠠᠳ᠋ᠷᠴᠤᠳ ᠤᠨ ᠴᠢᠬᠤᠯᠠᠴᠢᠯᠠᠬᠤ ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠭᠦ ᠂ ᠤᠬᠠᠭᠠᠷᠠᠭᠤᠯᠬᠤ ᠶᠢ ᠠᠬᠢᠭᠤᠯᠪᠠ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠂ 9 ᠵᠦᠢᠯ ᠤᠨ ᠠᠷᠭ᠎ᠠ ᠬᠡᠮᠵᠢᠶ᠎ᠡ ᠲᠣᠭᠲᠠᠭᠠᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠵᠤ ᠂ ᠦᠨᠳᠦᠰᠦᠨ ᠱᠠᠲᠤᠨ ᠤ 26 ᠵᠦᠢᠯ ᠤᠨ ᠳᠠᠷᠤᠭᠠᠰᠤ ᠶᠢ ᠬᠥᠩᠭᠡᠷᠡᠭᠦᠯᠵᠦ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠶᠢᠭᠤᠯᠭ᠎ᠠ ᠶᠢᠨ  ᠬᠢᠨ 22 ᠵᠢᠷᠭᠢᠶ᠎ᠡ ᠶᠢᠨ ᠬᠤᠯᠪᠤᠭ᠎ᠠ ᠶᠢ ᠴᠡᠪᠡᠷᠯᠡᠨ ᠨᠡᠶᠢᠳᠬᠡᠵᠦ ᠂ ᠡᠯ᠎ᠡ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠢᠨ 1512 ᠵᠢᠷᠭᠢᠶ᠎ᠡ ᠶᠢᠨ ᠬᠤᠯᠪᠤᠭ᠎ᠠ ᠶᠢ ᠴᠡᠪᠡᠷᠯᠡᠨ ᠨᠡᠶᠢᠳᠬᠡᠪᠡ ᠃

      ᠣᠷᠳᠣᠰ ᠬᠤᠲᠠ ᠲᠥᠷᠥᠯ ᠬᠤᠪᠢᠶᠠᠨ ᠵᠢᠯᠤᠭᠤᠳᠬᠤ ᠂ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ︵ ᠲᠤᠷᠰᠢᠨ ᠬᠡᠷᠡᠭᠵᠢᠭᠦᠯᠬᠦ ︶ ᠶᠢ ᠳᠠᠷᠤᠮᠠᠯᠯᠠᠨ ᠲᠠᠷᠬᠠᠭᠠᠵᠤ ᠂ ᠬᠤᠲᠠ ᠂ ᠬᠤᠰᠢᠭᠤ ᠲᠣᠭᠤᠷᠢᠭ ᠬᠤᠶᠠᠷ ᠱᠠᠲᠤᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠣᠯᠠᠨ ᠲᠦᠮᠡᠨ ᠳᠤ ᠠᠵᠢᠯ ᠤᠨ ᠦᠷ᠎ᠡ ᠪᠦᠲᠦᠮᠵᠢ ᠶᠢ ᠦᠨᠡᠨ ᠬᠦ ᠮᠡᠳᠡᠭᠦᠯᠪᠡ ︔ ᠦᠨᠳᠦᠰᠦᠨ ᠱᠠᠲᠤᠨ ᠤ ᠵᠠᠰᠠᠯᠲᠠ ᠶᠢᠨ ︽ᠴᠢᠳᠠᠯ ᠠᠴᠠ  ᠨᠢ ᠠᠬᠠᠳᠠᠬᠤ︾ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ︽ᠦᠨᠳᠦᠰᠦᠨ ᠳ᠋ᠠᠶᠢᠲ᠋ᠠ ᠬᠥᠮᠥᠷᠭᠡ︾ ᠪᠠ ︽ᠨᠢᠭᠡ ᠬᠦᠰᠦᠨᠦᠭᠲᠦ ᠪᠠᠷ ᠨᠡᠪᠲᠡᠷᠡᠭᠦᠯᠬᠦ︾ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠳᠡᠯᠭᠡᠷᠡᠭᠦᠯᠦᠯᠲᠡ ᠶᠢ ᠲᠦᠷᠭᠡᠳᠬᠡᠵᠦ ᠂ ᠨᠢᠭᠡᠨᠲᠡ ᠪᠦᠭᠦ ᠬᠤᠳᠠ ᠶᠢᠨ ᠪᠤᠢ ᠪᠦᠬᠦᠢ ᠵᠡᠭᠡᠯᠢ ᠭᠤᠳᠤᠮᠵᠢ ᠰᠦᠯᠵᠢᠶᠡᠨ ᠳᠡᠭᠡᠷ᠎ᠡ ᠠᠵᠢᠯᠯᠠᠵᠤ ᠂ ᠦᠨᠳᠦᠰᠦᠨ ᠱᠠᠲᠤᠨ ᠤ ᠮᠡᠳᠡᠭᠦᠯᠦᠯᠲᠡ ᠶᠢᠨ ᠬᠦᠰᠦᠨᠦᠭᠲᠦ ᠶᠢᠨ ᠲᠤᠭ᠎ᠠ ᠬᠡᠮᠵᠢᠶ᠎ᠡ ᠶᠢ ᠦᠨᠡᠨ ᠬᠦ ᠪᠠᠭᠠᠰᠬᠠᠨ ᠂ ᠨᠡᠩ ᠤᠯᠠᠨ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠬᠡᠷᠡᠭᠯᠡᠬᠦ ᠶᠢᠨ ᠬᠠᠮᠲᠤ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢᠨ ᠲᠠᠪᠴᠠᠩ ᠳᠤ ᠲᠦᠰᠢᠭᠯᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠪᠤᠯᠤᠩ ᠨᠡᠭᠡᠭᠡᠵᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠠᠬᠢᠭᠤᠯᠬᠤ ᠶᠠᠪᠤᠴᠠ ᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠪᠠ ᠠᠬᠢᠴᠠ ᠶᠢᠨ ᠦᠷ᠎ᠡ ᠪᠦᠲᠦᠮᠵᠢ ᠶᠢ ᠳ᠋ᠦᠩᠨᠡᠨ ᠤᠬᠠᠭᠤᠯᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠦᠷᠭᠦᠯᠵᠢ ᠦᠵᠡᠯ ᠰᠠᠨᠠᠭᠠᠨ ᠤ ᠰᠡᠷᠡᠮᠵᠢᠯᠡᠭᠦᠯᠦᠯ ᠥᠭᠴᠦ ᠂ ᠦᠷᠭᠦᠯᠵᠢ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ ᠂ ᠢᠮᠠᠭᠲᠠ ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠣᠯᠭᠠᠪᠠ ᠃

      ᠡᠷᠢᠶᠡᠨ ᠬᠤᠲᠠ ︽ᠰᠤᠷᠤᠯᠴᠠᠬᠤ ᠂ ᠶᠠᠷᠢᠬᠤ ᠂ ᠰᠡᠷᠡᠮᠵᠢᠯᠡᠭᠦᠯᠭᠦ ᠂ ᠤᠬᠠᠭᠤᠯᠬᠤ ᠂ ᠪᠤᠯᠪᠠᠰᠤᠷᠠᠭᠤᠯᠬᠤ ᠂ ᠥᠭᠡᠷᠡᠴᠢᠯᠡᠬᠦ︾ 6 ᠲᠠᠯ᠎ᠠ ᠶᠢᠨ ᠲᠣᠭᠤᠷᠢᠨ ᠳᠤ ᠂ 16 ᠵᠦᠢᠯ ᠤᠨ ᠠᠵᠢᠯ ᠤᠨ ᠡᠭᠦᠷᠭᠡ ᠂ 11 ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ ᠂ ᠬᠤᠲᠠ ᠶᠢᠨ ᠨᠠᠮ ᠤᠨ ᠬᠤᠷᠢᠶ᠎ᠠ ᠭᠤᠣᠯᠯᠠᠨ ᠤᠳᠤᠷᠢᠳᠬᠤ ᠂ ᠰᠠᠯᠠᠭ᠎ᠠ ᠮᠥᠴᠢᠷ ᠨᠠᠶᠢᠳᠠᠪᠤᠷᠢᠵᠢᠭᠤᠯᠬᠤ ᠂ ᠨᠠᠮ ᠤᠨ ᠵᠣᠬᠢᠶᠠᠨ ᠪᠠᠶᠢᠭᠤᠯᠤᠯᠲᠠ ᠬᠠᠮᠵᠢᠯᠴᠠᠬᠤ ᠂ ᠨᠠᠮ ᠤᠨ ᠭᠡᠰᠢᠭᠦᠨ ᠣᠷᠤᠯᠴᠠᠬᠤ ᠠᠵᠢᠯᠯᠠᠭᠠᠨ ᠤ ᠲᠣᠭᠲᠠᠴᠠ ᠶᠢ ᠪᠦᠷᠢᠯᠳᠦᠭᠦᠯᠵᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ  ᠬᠥᠮᠦᠵᠢᠯ ᠤᠨ ᠡᠲᠡᠭᠡᠳ ᠂ ᠬᠦᠷᠢᠶ᠎ᠡ ᠴᠠᠷᠠᠭ᠎ᠠ ᠂ ᠴᠠᠭ ᠂ ᠠᠭᠤᠯᠭ᠎ᠠ ᠂ ᠭᠤᠣᠯᠳᠠᠯᠭ᠎ᠠ ᠲᠠᠢ ᠠᠵᠢᠯ ︽ ᠲᠠᠪᠤ ᠶᠢ ᠪᠦᠷᠬᠦᠭᠦᠯᠬᠦ︾ ᠶᠢ ᠦᠨᠡᠨ ᠬᠦ ᠪᠠᠲᠤᠯᠠᠪᠠ ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠢ ᠨᠠᠷᠢᠨ ᠨᠢᠮᠪᠠᠢ ᠪᠠᠶᠢᠭᠤᠯᠵᠤ ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠵᠢᠱᠢᠶ᠎ᠡ ᠶᠢᠨ ᠪᠤᠯᠤᠩ ᠭᠠᠷᠭᠠᠵᠤ ᠂ ᠭᠡᠮᠰᠢᠯ ᠤᠨ ᠳᠦᠷᠰᠦ ᠰᠢᠩᠭᠡᠭᠡᠯᠲᠡ ᠶᠢ ᠦᠵᠡᠭᠦᠯᠵᠦ ᠂ ᠰᠡᠷᠡᠮᠵᠢᠯᠡᠭᠦᠯᠭᠦ ᠬᠥᠮᠦᠵᠢᠯ ᠢ ᠨᠠᠩ ᠢᠯᠡᠭᠦᠦ ᠵᠢᠷᠦᠬᠡᠰᠢᠶᠡᠯᠭᠡᠬᠦ ᠬᠦᠴᠦᠨ ᠲᠠᠢ ᠪᠣᠯᠭᠠᠪᠠ ᠃ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠰᠤᠷᠤᠯᠴᠠᠬᠤ ᠶᠢᠨ ᠳᠠᠭᠠᠤ ᠪᠠᠶᠢᠴᠠᠭᠠᠬᠤ ᠂ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ ᠂ ᠨᠢᠭᠡᠴᠢ ᠵᠢᠴᠢ ᠬᠤᠪᠢ ᠬᠥᠮᠥᠨ ᠤ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢᠨ ᠴᠡᠭ ᠢ ᠪᠦᠭᠦ ᠲᠠᠯ᠎ᠠ ᠪᠠᠷ ᠡᠮᠬᠢᠯᠡᠵᠦ ᠂ ᠣᠨᠣᠴᠠᠲᠠᠢ ᠪᠠᠷ ᠵᠢᠭᠰᠠᠭᠠᠨ ᠪᠠᠶᠢᠴᠠᠭᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠪᠦᠲᠦᠮᠵᠢᠲᠡᠢ ᠠᠷᠭ᠎ᠠ ᠵᠠᠮ ᠢ ᠰᠦᠪᠡᠭᠴᠢᠯᠡᠵᠦ ᠂ ᠰᠠᠬᠢᠯᠭ᠎ᠠ ᠪᠠᠲᠤ ᠶᠢ ᠴᠢᠩᠳᠠᠯᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ