ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠬᠤᠷᠠᠯᠳᠤᠭᠤᠯᠪᠠ  ᠬᠤᠸᠠᠩ ᡁᠢ ᠴᠢᠶᠠᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/7/10

       7 ᠳ᠋ᠤᠭᠠᠷ ᠰᠠᠷ᠎ᠠ ᠶᠢᠨ 9 ᠤ ᠡᠳᠦᠷ᠂ ᠪᠥᠬᠦ ᠣᠷᠣᠨ ᠤ ᠠᠭᠤᠷᠬᠠᠶ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

     ᠬᠤᠸᠠᠩ ᡁᠢ ᠴᠢᠶᠠᠩ᠂ ᠮᠠᠨ ᠤ ᠣᠷᠣᠨ ᠤ ᠠᠭᠤᠷᠬᠠᠢ ᠶᠢᠨ ᠲᠤᠭ᠎ᠠ ᠤᠯᠠᠨ᠂ ᠭᠠᠷᠤᠯᠲᠠ ᠶᠡᠭᠡ᠂ ᠭᠠᠮᠰᠢᠭ ᠬᠦᠨᠳᠦ᠂ ᠵᠠᠰᠠᠬᠤ ᠳᠤ ᠪᠡᠷᠬᠡ᠂ ᠠᠶᠤᠯᠭᠦᠢ ᠦᠢᠯᠡᠳᠪᠦᠷᠢᠯᠡᠯ ᠤᠨ ᠠᠳᠡᠯ ᠤᠯᠠᠨ ᠪᠠᠶᠢᠵᠤ᠂ ᠠᠮᠤᠷ ᠲᠦᠪᠰᠢᠨ ᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ᠂ ᠰᠠᠭᠤᠵᠤ ᠳᠡᠶᠢᠯᠬᠦ ᠦᠭᠡᠢ ᠪᠠᠴᠢᠮ ᠲᠤᠯᠭᠠᠮ ᠰᠡᠳᠬᠢᠯᠭᠡ᠂ ᠤᠳᠠᠭᠠᠰᠢᠷᠠᠭᠤᠯᠵᠤ ᠪᠣᠯᠤᠰᠢ ᠦᠭᠡᠢ ᠲᠦᠭᠰᠢᠭᠦᠷᠢᠲᠦ ᠰᠡᠳᠬᠢᠯᠭᠡ ᠪᠠᠷ ︽ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠪᠣᠯᠤᠨ ᠠᠭᠤᠷᠬᠠᠢ ᠶᠢᠨ ᠠᠮᠤᠷ ᠲᠦᠪᠰᠢᠨ ᠤ ᠨᠠᠢᠮᠠᠨ ᠵᠣᠷᠪᠣᠰ ᠬᠠᠲᠠᠭᠤ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠴᠢᠩᠭ᠎ᠠ ᠭᠤᠣᠯ ᠬᠦᠭ ᠠᠶᠠᠰ ᠢ ᠦᠷᠭᠦᠯᠵᠢᠯᠡᠨ ᠪᠠᠲᠤᠯᠠᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠠᠮᠤᠷ ᠲᠦᠪᠰᠢᠨ ᠤ ᠲᠦᠭᠰᠢᠭᠦᠷᠢ ᠶᠢᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠠᠭᠤᠷᠬᠠᠢ ᠶᠢᠨ ᠲᠤᠪᠤᠶᠢᠮ᠎ᠠ ᠠᠰᠠᠭᠤᠳᠠᠯ ᠤᠨ ᠭᠡᠮ ᠰᠣᠭᠤᠭ ᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠲᠣᠭᠲᠠᠭᠤᠨ ᠢᠶᠠᠷ ᠡᠵᠡᠮᠳᠡᠬᠦ ᠬᠡᠷᠡᠭᠲᠡᠢ ᠭᠡᠵᠦ ᠴᠢᠬᠤᠯᠠᠴᠢᠯᠠᠪᠠ᠃

      ᠬᠤᠷᠠᠯ ᠳᠤ ᠪᠠᠰᠠ ᠠᠶᠤᠯᠲᠠᠢ ᠬᠢᠮᠢ ᠶᠢᠨ ᠪᠣᠳᠠᠰ᠂ ᠭᠠᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ