ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠶᠠᠪᠤᠭᠤᠯᠪᠠ  ᠰᠢ ᠶᠢᠨ ᠫᠢᠩ ᠵᠠᠷᠯᠢᠭ ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ ᠳᠡᠪᠰᠢᠭᠰᠡᠨ ᠣᠹᠢᠼᠧᠷ ᠲᠤ ᠪᠠᠶᠠᠷ ᠬᠦᠷᠭᠡᠵᠡᠢ
ᠨᠡᠶᠢᠲᠡᠯᠡᠭᠰᠡᠨ ᠴᠠᠭ᠄
2024/7/10


      ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 9 ᠤ ᠴᠠᠭᠢᠯᠭᠠᠨ ᠮᠡᠳᠡᠭᠡ   ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ 9 ᠤ ᠡᠳᠦᠷ ᠪᠡᠭᠡᠵᠢᠩ ᠤᠨ ︽ 8 · 1 ︾ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠣᠯᠠ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃

  

中央军委举行晋升上将军衔仪式 习近平颁发命令状并向晋衔的军官表示祝贺.jpg    

      7 ᠰᠠᠷ᠎ᠠ ᠶᠢᠨ 9 ᠤ ᠡᠳᠦᠷ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠩᠳᠠ ᠭᠧᠨᠧᠷᠠᠯ ᠤᠨ ᠴᠡᠷᠢᠭ ᠤᠨ ᠴᠣᠯᠠ ᠳᠤ ᠳᠡᠪᠰᠢᠭᠦᠯᠬᠦ ᠶᠣᠰᠣᠯᠠᠯ ᠪᠡᠭᠡᠵᠢᠩ ᠤᠨ ︽ 8 · 1 ︾ ᠶᠡᠭᠡ ᠠᠰᠠᠷ ᠲᠤ ᠶᠠᠪᠤᠭᠳᠠᠪᠠ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠪᠠᠶᠢᠩᠭᠤ ᠶᠢᠨ ᠳᠡᠳ᠋ ᠡᠷᠭᠢᠯᠡᠭᠴᠢ ᠾᠧ ᠬᠤᠩ ᠵᠢᠶᠦ᠋ᠨ ᠳᠤ ᠵᠠᠷᠯᠢᠭ ᠤᠨ ᠪᠢᠴᠢᠭ ᠭᠠᠷᠳᠠᠭᠤᠯᠪᠠ ᠃ 

      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ


      ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ ᠂ ᠴᠣᠯᠠ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠭᠠᠷ ᠤᠨ ᠦᠰᠦᠭ ᠵᠢᠷᠤᠭᠰᠠᠨ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠦᠯᠬᠦ ᠵᠠᠷᠯᠢᠭ ᠢ ᠤᠩᠰᠢᠨ ᠨᠡᠶᠢᠲᠡᠯᠡᠪᠡ ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠡᠪᠰᠢᠭᠦᠯᠬᠦ ᠶᠣᠰᠣᠯᠠᠯ ᠢ ᠡᠷᠭᠢᠯᠡᠪᠡ ᠃

      ᠰᠢ ᠶᠢᠨ ᠫᠢᠩ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠳᠤ ᠳᠡᠪᠰᠢᠭᠰᠡᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠪᠠᠶᠢᠩᠭᠤ ᠶᠢᠨ ᠳᠡᠳ᠋ ᠡᠷᠭᠢᠯᠡᠭᠴᠢ ᠾᠧ ᠬᠤᠩ ᠵᠢᠶᠦ᠋ᠨ ᠳᠤ ᠵᠠᠷᠯᠢᠭ ᠤᠨ ᠪᠢᠴᠢᠭ ᠭᠠᠷᠳᠠᠭᠤᠯᠵᠤ ᠂ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ ᠃ ᠬᠤᠷᠠᠩᠳᠠ ᠭᠧᠨᠧᠷᠡᠯ ᠤᠨ ᠴᠡᠷᠢᠭ ᠤᠨ ᠴᠣᠯᠠ ᠶᠢᠨ ᠮᠥᠷᠥᠨ ᠤ ᠲᠡᠮᠳᠡᠭ ᠢ ᠵᠡᠭᠦᠭᠰᠡᠨ ᠾᠧ ᠬᠤᠩ ᠵᠢᠶᠦ᠋ᠨ ᠰᠢ ᠶᠢᠨ ᠫᠢᠩ ᠳᠤ ᠶᠣᠰᠣᠯᠠᠵᠤ ᠂ ᠶᠣᠰᠣᠯᠠᠯ ᠳᠤ ᠣᠷᠣᠯᠴᠠᠬᠰᠠᠨ ᠪᠦᠭᠦ ᠨᠥᠬᠦᠳ ᠲᠤ ᠶᠣᠰᠣᠯᠠᠭᠰᠠᠨ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ ᠃

      ᠴᠣᠯᠠ ᠳᠡᠪᠰᠢᠭᠦᠯᠬᠦ ᠶᠣᠰᠣᠯᠠᠯ ᠨᠢ ᠬᠠᠩᠭᠢᠨᠠᠮ᠎ᠠ ᠵᠢᠪᠬᠤᠭᠠᠲᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠳᠠᠭᠤᠤ ᠶᠢᠨ ᠠᠶᠠᠰ ᠳᠤᠮᠳᠠ ᠲᠡᠭᠦᠰᠪᠡ ᠃

      ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠴᠡᠷᠢᠭ ᠠᠩᠭᠢ ᠶᠢᠨ ᠪᠡᠭᠡᠵᠢᠩ ᠳᠤ ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠴᠣᠯᠠ ᠳᠡᠪᠰᠢᠭᠦᠯᠬᠦ ᠶᠣᠰᠣᠯᠠᠯ ᠳᠤ ᠣᠷᠣᠯᠴᠠᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ