ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠪᠣᠯ ᠬᠤᠪᠢ ᠬᠥᠮᠥᠨ ᠤ ᠤᠯᠤᠰ ᠲᠥᠷᠥ ᠶᠢᠨ ᠳᠦᠷᠰᠦ ᠪᠠᠶᠢᠳᠠᠯ᠂ ᠰᠤᠷᠤᠯᠴᠠᠭᠰᠠᠨ ᠥᠩᠭᠡᠷᠡᠯᠲᠡ ᠪᠠ ᠠᠵᠢᠯᠯᠠᠭᠰᠠᠨ ᠥᠩᠭᠡᠷᠡᠯᠲᠡ ᠶᠢ ᠲᠤᠰᠬᠠᠭᠰᠠᠨ ᠲᠡᠦᠬᠡ ᠶᠢᠨ ᠲᠡᠮᠳᠡᠭᠯᠡᠯ ᠤᠨ ᠮᠠᠲ᠋ᠧᠷᠢᠶᠠᠯ ᠪᠣᠯᠣᠨ᠎ᠠ᠃ ᠲᠡᠩᠰᠠ ᠡᠪᠬᠡᠮᠡᠯ ᠢ ᠬᠡᠷᠬᠢᠨ ᠰᠢᠯᠵᠢᠭᠦᠯᠬᠦ᠂ ᠬᠡᠨ ᠬᠠᠮᠢᠶᠠᠷᠬᠤ᠂ ᠬᠡᠷᠬᠢᠨ ᠬᠡᠷᠡᠭᠯᠡᠬᠦ ᠪᠤᠢ︖ ᠣᠶᠢᠷ᠎ᠠ ᠳᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠨᠡᠭᠦᠳᠡᠯ ᠬᠦᠮᠦᠰ ᠦᠨ ᠬᠠᠮᠢᠶᠠᠷᠤᠯᠲᠠ ᠶᠢᠨ ᠵᠤᠷᠭᠠᠨ ᠤ ᠬᠠᠷᠢᠭᠤᠴᠠᠯᠭᠠᠲᠠᠨ ᠨᠦᠬᠦᠷ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠠᠶᠢᠯᠪᠤᠷᠢ ᠬᠢᠪᠡ᠃
ᠠᠰᠠᠭᠤᠯᠲᠠ᠄ ᠲᠠᠩᠰᠠ ᠡᠪᠬᠡᠮᠡᠯ ᠨᠢ ᠶᠠᠮᠠᠷ ᠦᠢᠯᠡᠳᠦᠯ ᠲᠠᠢ ᠪᠣᠶ︖
ᠬᠠᠷᠢᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠰᠤᠷᠭᠠᠭᠤᠯᠢ ᠳᠤ ᠪᠠᠶᠢᠬᠤ ᠳᠤ ᠨᠢ ᠰᠣᠷᠣᠭᠴᠢ ᠶᠢᠨ ᠲᠠᠩᠰᠠ ᠡᠪᠬᠡᠮᠡᠯ ᠭᠡᠳᠡᠭ᠃ ᠲᠡᠭᠦᠰᠦᠭᠡᠳ ᠠᠵᠢᠯᠯᠠᠭᠰᠠᠨ ᠤ ᠳᠠᠷᠠᠭ᠎ᠠ ᠡᠭᠦᠨ ᠤ ᠰᠠᠭᠤᠷᠢᠨ ᠳᠡᠭᠡᠷ᠎ᠡ ᠪᠣᠶ ᠪᠣᠯᠤᠭᠰᠠᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠪᠠᠶᠢᠭᠤᠯᠤᠮᠵᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠪᠠ ᠦᠢᠯᠡᠴᠢᠯᠡᠭᠡ ᠥᠷᠨᠢᠭᠦᠯᠬᠦ ᠴᠢᠬᠤᠯᠠ ᠦᠨᠳᠦᠰᠦᠯᠡᠯ ᠮᠥᠨ᠃ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠠᠯᠪᠠᠲᠠᠨ ᠤ ᠰᠢᠯᠭᠠᠯᠲᠠ ᠳᠤ ᠨᠡᠷ᠎ᠡ ᠮᠡᠳᠡᠭᠦᠯᠬᠦ᠂ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠳᠤ ᠣᠷᠣᠯᠴᠠᠬᠤ᠂ ᠨᠠᠮ ᠳᠤ ᠣᠷᠣᠬᠤ ᠤᠯᠤᠰ ᠲᠥᠷᠥ ᠶᠢᠨ ᠬᠢᠨᠠᠨ ᠪᠠᠶᠢᠴᠠᠭᠠᠯᠲᠠ ᠬᠢᠬᠦ᠂ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠬᠠᠷᠭᠤᠭᠤᠯᠤᠨ ᠵᠥᠪᠰᠢᠶᠡᠷᠡᠬᠦ ᠵᠡᠷᠭᠡ ᠵᠦᠢᠯᠡᠰ ᠢ ᠭᠦᠢᠴᠡᠳᠬᠡᠬᠦ ᠳᠤ ᠴᠥᠮ ᠲᠠᠩᠰᠠ ᠡᠪᠬᠡᠮᠡᠯ ᠳᠠᠬᠢ ᠬᠠᠮᠢᠶ᠎ᠠ ᠪᠦᠬᠦᠢ ᠮᠠᠲ᠋ᠧᠷᠢᠶᠠᠯ ᠢ ᠬᠡᠷᠡᠭᠰᠡᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠡᠷᠬᠡᠪᠰᠢ ᠴᠢᠬᠤᠯᠠᠴᠢᠯᠠᠨ ᠦᠵᠡᠬᠦ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ ᠢᠶᠠᠨ ᠰᠠᠶᠢᠲᠤᠷ ᠳᠠᠮᠵᠢᠭᠤᠯᠤᠨ ᠬᠦᠷᠭᠡᠬᠦ ᠬᠡᠷᠡᠭᠲᠡᠢ᠃
ᠠᠰᠠᠭᠤᠯᠲᠠ᠄ ᠰᠤᠷᠭᠠᠭᠤᠯᠢ ᠲᠡᠭᠦᠰᠦᠭᠰᠡᠨ ᠤ ᠲᠠᠷᠠᠭ᠎ᠠ ᠲᠠᠩᠰᠠ ᠡᠪᠬᠡᠮᠡᠯ ᠢ ᠬᠠᠮᠢᠭᠠᠰᠢ ᠰᠢᠯᠵᠢᠭᠦᠯᠬᠦ ᠪᠤᠢ︖
ᠬᠠᠷᠢᠭᠤᠯᠲᠠ᠄ ᠬᠡᠷᠪᠡ ᠪᠠᠶᠢᠭᠤᠯᠭ᠎ᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠵᠢᠯ ᠣᠯᠣᠭᠰᠠᠨ ᠪᠤᠶᠤ ᠬᠠᠨᠳᠤᠯᠭ᠎ᠠ ᠲᠠᠢ ᠪᠠᠷ ᠰᠤᠷᠤᠭᠴᠢ ᠡᠯᠰᠡᠵᠦ ᠠᠵᠢᠯ ᠣᠯᠣᠭᠰᠠᠨ ᠪᠠᠶᠢᠪᠠᠯ᠂ ᠳᠠᠩᠰᠠ ᠡᠪᠬᠡᠮᠡᠯ ᠢᠶᠠᠨ ᠠᠵᠢᠯ ᠣᠯᠣᠭᠰᠠᠨ ᠨᠢᠭᠡᠴᠢ ᠪᠤᠶᠤ ᠬᠠᠨᠳᠤᠯᠭ᠎ᠠ ᠲᠠᠢ ᠨᠢᠭᠡᠴᠢ ᠳᠤ ᠳᠠᠮᠵᠢᠭᠤᠯᠤᠨ ᠬᠦᠷᠭᠡᠨ᠎ᠡ᠃
ᠨᠡᠶᠢᠲᠡ ᠶᠢᠨ ᠥᠮᠴᠢᠯᠡᠯ ᠤᠨ ᠪᠤᠰᠤ ᠨᠢᠭᠡᠴᠢ ᠳᠤ ᠠᠵᠢᠯ ᠣᠯᠣᠭᠰᠠᠨ᠂ ᠠᠮᠢᠳᠤᠯᠢᠭ ᠢᠶᠠᠷ ᠠᠵᠢᠯ ᠣᠯᠣᠭᠰᠠᠨ ᠵᠢᠴᠢ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠭᠰᠠᠨ ᠪᠠᠶᠢᠪᠠᠯ᠂ ᠠᠵᠢᠯ ᠣᠯᠵᠤ ᠦᠢᠯᠡᠰ ᠴᠣᠭᠴᠠᠯᠠᠭᠰᠠᠨ ᠭᠠᠵᠠᠷ ᠪᠤᠶᠤ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠢᠶᠠᠨ ᠣᠯᠠᠨ ᠨᠡᠶᠢᠲᠡ ᠳᠤ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠳᠠᠮᠵᠢᠭᠤᠯᠤᠨ ᠬᠦᠷᠭᠡᠨ᠎ᠡ᠃ ᠬᠡᠳᠦ ᠶᠡᠭᠡ ᠬᠤᠳᠠ ᠳᠤ ᠠᠵᠢᠯ ᠣᠯᠣᠭᠰᠠᠨ ᠪᠠᠶᠢᠪᠠᠯ ᠪᠣᠳᠠᠲᠠᠢ ᠲᠦᠷᠦ ᠶᠢᠨ ᠪᠣᠳᠣᠯᠭ᠎ᠠ ᠶᠢ ᠲᠤᠬᠠᠢ ᠶᠢᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠯᠠᠪᠯᠠᠨ ᠠᠰᠠᠭᠤᠬᠤ ᠬᠡᠷᠡᠭᠲᠡᠢ᠃
ᠬᠠᠷᠠᠬᠠᠨ ᠠᠵᠢᠯ ᠣᠯᠣᠭᠠᠳᠤᠢ ᠪᠣᠯ᠂ ᠥᠪᠡᠷ ᠤᠨ ᠬᠦᠰᠡᠯ ᠰᠠᠨᠠᠭ᠎ᠠ ᠪᠠᠨ ᠦᠨᠳᠦᠰᠦᠯᠡᠨ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠣᠯᠠᠨ ᠨᠡᠶᠢᠲᠡ ᠳᠤ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠳᠤ ᠳᠠᠮᠵᠢᠭᠤᠯᠤᠨ ᠬᠦᠷᠭᠡᠬᠦ ᠪᠤᠶᠤ ᠲᠣᠭᠲᠠᠭᠠᠯ ᠶᠣᠰᠣᠭᠠᠷ ᠶᠡᠭᠡ ᠳᠡᠭᠡᠳᠦ ᠰᠤᠷᠭᠠᠭᠤᠯᠢ ᠳᠤ ᠬᠤᠶᠠᠷ ᠵᠢᠯ ᠦᠯᠡᠳᠡᠭᠡᠵᠦ ᠪᠣᠯᠣᠨ᠎ᠠ᠃
ᠠᠰᠠᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠬᠡᠨ ᠬᠠᠳᠠᠭᠠᠯᠠᠵᠤ ᠪᠣᠯᠬᠤ ᠪᠣᠶ︖
ᠬᠠᠷᠢᠭᠤᠯᠲᠠ᠄ ᠠᠯᠪᠠᠨ ᠤ ᠪᠤᠰᠤ ᠨᠢᠭᠡᠴᠢ ᠳᠤ ᠠᠵᠢᠯ ᠣᠯᠣᠭᠰᠠᠨ ᠪᠠ ᠬᠠᠷᠠᠬᠠᠨ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠰᠢᠶᠠᠨ ᠤ ᠱᠠᠲᠤᠨ ᠠᠴᠠ ᠳᠡᠭᠡᠭᠰᠢᠬᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠬᠠᠷᠢᠶᠠᠯᠠᠭᠳᠠᠬᠤ ᠣᠯᠠᠨ ᠨᠡᠶᠢᠲᠡ ᠳᠤ ᠠᠵᠢᠯ ᠣᠯᠭᠤᠬᠤ ᠴᠢᠳᠠᠪᠤᠷᠢᠲᠠᠨ ᠤ ᠦᠢᠯᠡᠴᠢᠯᠡᠭᠡᠨ ᠤ ᠪᠠᠶᠢᠭᠤᠯᠤᠮᠵᠢ ᠵᠢᠴᠢ ᠮᠤᠵᠢ ᠶᠢᠨ ᠱᠠᠲᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠨᠡᠭᠦᠳᠡᠯ ᠬᠥᠮᠥᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠠᠮᠢᠶᠠᠷᠬᠤ ᠦᠢᠯᠡᠴᠢᠯᠡᠭᠡᠨ ᠤ ᠪᠠᠶᠢᠭᠤᠯᠤᠮᠵᠢ ᠶᠢ ᠪᠠᠭᠲᠠᠭᠠᠭᠰᠠᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠳᠠᠭᠠᠯᠠᠵᠤ ᠪᠣᠯᠣᠨ᠎ᠠ᠃
ᠠᠰᠠᠭᠤᠯᠲᠠ᠄ ᠲᠠᠩᠰᠠ ᠡᠪᠬᠡᠮᠡᠯ ᠢ ᠬᠡᠷᠬᠢᠨ ᠳᠠᠮᠵᠢᠭᠤᠯᠤᠨ ᠬᠦᠷᠭᠡᠬᠦ ᠪᠣᠶ︖ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠥᠪᠡᠷᠲᠡᠭᠡᠨ ᠳᠠᠮᠵᠢᠭᠤᠯᠤᠨ ᠬᠦᠷᠭᠡᠵᠦ ᠪᠣᠯᠬᠤ ᠦᠦ︖
ᠬᠠᠷᠢᠭᠤᠯᠲᠠ᠄ ᠳᠠᠩᠰᠠ ᠡᠪᠬᠡᠮᠡᠯ ᠢ ᠬᠤᠪᠢ ᠬᠥᠮᠥᠨ ᠬᠠᠳᠠᠭᠠᠯᠠᠬᠤ᠂ ᠠᠪᠴᠤ ᠶᠠᠪᠤᠬᠤ ᠪᠠ ᠳᠠᠮᠵᠢᠭᠤᠯᠤᠨ ᠬᠦᠷᠭᠡᠬᠦ ᠶᠢ ᠴᠢᠩᠭ᠎ᠠ ᠴᠠᠭᠠᠵᠠᠯᠠᠨ᠎ᠠ᠃
ᠲᠡᠭᠦᠰᠬᠦ ᠰᠤᠷᠤᠭᠴᠢᠳ ᠰᠤᠷᠭᠠᠭᠤᠯᠢ ᠠᠴᠠ ᠪᠠᠨ ᠶᠠᠪᠤᠬᠤ ᠠᠴᠠ ᠡᠮᠦᠨ᠎ᠡ᠂ ᠶᠡᠭᠡ ᠳᠡᠭᠡᠳᠦ ᠰᠤᠷᠭᠠᠭᠤᠯᠢ ᠨᠤᠭᠤᠳ ᠡᠩ ᠲᠡᠷᠢᠭᠦᠨ ᠳᠤ ᠲᠣᠭᠲᠠᠭᠠᠯ ᠶᠣᠰᠣᠭᠠᠷ ᠲᠡᠭᠦᠰᠬᠦ ᠰᠤᠷᠤᠭᠴᠢᠳ ᠤᠨ ᠳᠠᠩᠰᠠᠯᠠᠯᠲᠠ ᠶᠢᠨ ᠬᠦᠰᠦᠨᠦᠭᠲᠦ᠂ ᠬᠢᠷᠢ ᠪᠦᠲᠦᠮᠵᠢ ᠶᠢᠨ ᠬᠠᠭᠤᠳᠠᠰᠤ᠂ ᠨᠠᠮ ᠪᠠ ᠡᠪᠯᠡᠯ ᠤᠨ ᠵᠣᠬᠢᠶᠠᠨ ᠪᠠᠶᠢᠭᠤᠯᠤᠯᠲᠠ᠂ ᠱᠠᠩᠨᠠᠵᠤ ᠲᠣᠷᠭᠠᠭᠰᠠᠨ ᠲᠡᠮᠳᠡᠭᠯᠡᠯ ᠵᠡᠷᠭᠡ ᠮᠠᠲ᠋ᠧᠷᠢᠶᠠᠯ ᠢ ᠡᠮᠬᠢᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠦᠷᠢᠨ ᠲᠠᠩᠰᠠ ᠡᠪᠬᠡᠮᠡᠯ ᠢ ᠪᠦᠷᠢᠯᠳᠦᠭᠦᠯᠬᠦ ᠬᠡᠷᠡᠭᠲᠡᠢ᠃ ᠳᠠᠷᠠᠭ᠎ᠠ ᠳᠤ ᠨᠢ ᠲᠡᠭᠦᠰᠬᠦ ᠰᠤᠷᠤᠭᠴᠢᠳ ᠤᠨ ᠲᠠᠭᠯᠠᠭᠰᠠᠨ ᠲᠡᠭᠦᠰᠦᠭᠰᠡᠨ ᠤ ᠳᠠᠷᠠᠭᠠᠬᠢ ᠬᠠᠨᠳᠤᠰᠢ ᠶᠢ ᠳᠠᠩᠰᠠᠯᠠᠭᠤᠯᠤᠭᠰᠠᠨ ᠮᠡᠳᠡᠭᠡ ᠵᠠᠩᠭᠢ ᠶᠢ ᠦᠨᠳᠦᠰᠦᠯᠡᠨ ᠠᠵᠢᠯ ᠳᠤ ᠣᠷᠣᠬᠤ ᠨᠢᠭᠡᠴᠢ ᠶᠢᠨ ᠨᠡᠷᠡᠶᠢᠳᠦᠯ᠂ ᠳᠠᠮᠵᠢᠭᠤᠯᠤᠨ ᠬᠦᠷᠭᠡᠬᠦ ᠳ᠋ᠤᠭᠠᠷ ᠵᠡᠷᠭᠡ ᠠᠭᠤᠯᠭ᠎ᠠ ᠶᠢ ᠲᠣᠭᠲᠠᠭᠠᠵᠤ᠂ ︽ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠬᠠᠭᠤᠳᠠᠰᠤ︾ ᠶᠢ ᠲᠠᠭᠯᠠᠭᠰᠠᠨ ᠤ ᠲᠠᠷᠠᠭ᠎ᠠ᠂ ᠲᠠᠩᠰᠠ ᠡᠪᠬᠡᠮᠡᠯ ᠪᠠ ᠳᠠᠮᠵᠢᠭᠤᠯᠤᠨ ᠬᠦᠷᠭᠡᠬᠦ ᠬᠠᠭᠤᠳᠠᠰᠤ ᠶᠢ ᠴᠢᠬᠤᠯᠠ ᠨᠢᠭᠤᠴᠠ ᠮᠡᠳᠡᠭᠡ ᠬᠤᠯᠪᠣᠭ᠎ᠠ ᠪᠤᠶᠤ ᠰᠢᠤᠳᠠᠨ ᠤ ᠣᠨᠴᠠ ᠲᠦᠷᠭᠡᠨ ᠲᠤᠰᠬᠠᠢ ᠬᠦᠷᠭᠡᠬᠦ ᠠᠷᠭ᠎ᠠ ᠵᠠᠮ ᠢᠶᠠᠷ ᠢᠯᠡᠭᠡᠨ᠎ᠡ᠃
ᠠᠰᠠᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠥᠪᠡᠷ ᠤᠨ ᠲᠠᠩᠰᠠ ᠡᠪᠬᠡᠮᠡᠯ ᠢᠶᠠᠨ ᠬᠡᠷᠬᠢᠨ ᠡᠷᠢᠵᠦ ᠣᠯᠬᠤ ᠪᠣᠶ︖
ᠬᠠᠷᠢᠭᠤᠯᠲᠠ᠄ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠨᠢᠭᠡᠨᠲᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠣᠴᠢᠬᠤ ᠭᠠᠵᠠᠷ ᠤᠨ ᠳᠠᠩᠰᠠᠯᠠᠯᠲᠠ ᠶᠢᠨ ᠳᠦᠷᠢᠮ ᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠭᠯᠠᠭᠰᠠᠨ ᠣᠴᠢᠬᠤ ᠭᠠᠵᠠᠷ ᠤᠨ ᠳᠠᠩᠰᠠᠯᠠᠯᠲᠠ ᠶᠢᠨ ᠮᠡᠳᠡᠭᠡ ᠵᠠᠩᠭᠢ ᠶᠣᠰᠣᠭᠠᠷ ᠲᠠᠩᠰᠠ ᠡᠪᠬᠡᠮᠡᠯ ᠢ ᠳᠡᠮᠵᠢᠭᠤᠯᠤᠨ ᠬᠦᠷᠭᠡᠨ᠎ᠡ᠃ ᠲᠡᠭᠦᠰᠬᠦ ᠰᠤᠷᠤᠭᠴᠢᠳ ᠤᠤᠯ ᠤᠨ ᠰᠤᠷᠤᠯᠴᠠᠵᠤ ᠪᠠᠶᠢᠭᠰᠠᠨ ᠶᠡᠭᠡ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠢᠶᠠᠷ ᠳᠡᠮᠵᠢᠨ ᠲᠠᠩᠰᠠ ᠡᠪᠬᠡᠮᠡᠯ ᠳᠠᠮᠵᠢᠭᠤᠯᠤᠨ ᠬᠦᠷᠭᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠣᠨ᠎ᠠ᠂ ᠪᠠᠰᠠ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠪᠠᠶᠢᠴᠠᠭᠠᠨ ᠯᠠᠪᠯᠠᠵᠤ ᠪᠣᠯᠣᠨ᠎ᠠ᠃
ᠠᠰᠠᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠠᠩᠰᠠ ᠡᠪᠬᠡᠮᠡᠯ ᠢ ᠬᠠᠳᠠᠭᠠᠯᠠᠬᠤ ᠳᠤ ᠰᠦᠢᠳᠬᠡᠯ ᠬᠤᠷᠢᠶᠠᠨ᠎ᠠ ᠦᠦ︖
ᠬᠠᠷᠢᠭᠤᠯᠲᠠ᠄ ᠰᠦᠢᠳᠬᠡᠯ ᠬᠤᠷᠢᠶᠠᠬᠤ ᠦᠭᠡᠢ᠃ 2015 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠭᠡᠳ᠂ ᠠᠵᠢᠯᠲᠠᠨ ᠤ ᠶᠠᠪᠤᠳᠠᠯ ᠤᠨ ᠬᠠᠷᠢᠴᠠᠭ᠎ᠠ ᠵᠢᠴᠢ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠵᠠᠷᠤᠳᠠᠯ᠂ ᠪᠠᠶᠢᠴᠠᠭᠠᠨ ᠦᠵᠡᠬᠦ ᠵᠠᠷᠤᠳᠠᠯ᠂ ᠭᠡᠷᠡᠴᠢᠯᠡᠬᠦ ᠵᠠᠷᠤᠳᠠᠯ᠂ ᠲᠠᠩᠰᠠ ᠡᠪᠬᠡᠮᠡᠯ ᠢ ᠳᠠᠮᠵᠢᠭᠤᠯᠤᠨ ᠬᠦᠷᠭᠡᠬᠦ ᠵᠠᠷᠤᠳᠠᠯ ᠵᠡᠷᠭᠡ ᠨᠡᠷ᠎ᠡ ᠵᠢᠭᠠᠭᠰᠠᠨ ᠵᠠᠷᠤᠳᠠᠯ ᠬᠤᠷᠢᠶᠠᠬᠤ ᠶᠢ ᠨᠢᠭᠡᠨᠲᠡ ᠬᠦᠴᠦᠨ ᠦᠭᠡᠢ ᠪᠣᠯᠭᠠᠪᠠ᠃
ᠠᠰᠠᠭᠤᠯᠲᠠ᠄ ᠲᠠᠩᠰᠠ ᠡᠪᠬᠡᠮᠡᠯ ᠤᠨ ᠳᠣᠲᠣᠷᠠᠬᠢ ᠮᠡᠳᠡᠭᠡ ᠵᠠᠩᠭᠢ ᠳᠤ ᠬᠤᠪᠢᠷᠠᠯᠲᠠ ᠲᠠᠢ ᠪᠣᠯ ᠰᠢᠨᠡᠳᠬᠡᠬᠦ ᠴᠢᠬᠤᠯᠠᠲᠠᠢ ᠦᠦ︖
ᠬᠠᠷᠢᠭᠤᠯᠲᠠ᠄ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠲᠠᠩᠰᠠ ᠡᠪᠬᠡᠮᠡᠯ ᠤᠨ ᠮᠠᠲ᠋ᠧᠷᠢᠶᠠᠯ ᠢ ᠦᠨᠳᠦᠰᠦᠯᠡᠨ ᠦᠢᠯᠡᠴᠢᠯᠡᠭᠡ ᠬᠠᠩᠭᠠᠨ᠎ᠠ᠂ ᠬᠡᠷᠪᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠨ᠎ᠡ ᠮᠠᠲ᠋ᠧᠷᠢᠶᠠᠯ ᠪᠤᠢ ᠪᠣᠯᠣᠭᠰᠠᠨ ᠪᠠᠶᠢᠪᠠᠯ᠂ ᠴᠠᠭ ᠲᠤᠬᠠᠢ ᠳᠤ ᠨᠢ ᠲᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃
ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠪᠴᠤ ᠬᠡᠯᠡᠪᠡᠯ᠂ ᠤᠯᠤᠰ ᠲᠥᠷᠥ ᠶᠢᠨ ᠳᠦᠷᠰᠦ ᠪᠠᠶᠢᠳᠠᠯ᠂ ᠠᠵᠢᠯᠯᠠᠭᠰᠠᠨ ᠥᠩᠭᠡᠷᠡᠯᠲᠡ᠂ ᠬᠥᠮᠦᠵᠢᠯ ᠪᠣᠯᠪᠠᠰᠤᠷᠠᠯ᠂ ᠠᠵᠢᠯ ᠮᠡᠷᠭᠡᠵᠢᠯ ᠤᠨ ᠬᠢᠷᠢ ᠬᠡᠮ᠂ ᠮᠡᠷᠭᠡᠵᠢᠯ ᠤᠨ ᠴᠣᠯᠠ ᠵᠡᠷᠭᠡ ᠶᠢ ᠲᠤᠰᠬᠠᠭᠰᠠᠨ ᠮᠠᠲ᠋ᠧᠷᠢᠶᠠᠯ ᠵᠢᠴᠢ ᠠᠵᠢᠯ ᠤᠨ ᠬᠤᠪᠢᠷᠠᠯᠲᠠ ᠶᠢᠨ ᠳᠤᠮᠳᠠ ᠪᠣᠶ ᠪᠣᠯᠤᠭᠰᠠᠨ ᠬᠥᠳᠡᠯᠮᠦᠷᠢ ᠶᠢᠨ ᠭᠡᠷ᠎ᠡ᠂ ᠠᠵᠤ ᠠᠬᠤᠶᠢᠯᠠᠯ ᠤᠨ ᠡᠯᠰᠡᠨ ᠬᠡᠷᠡᠭᠯᠡᠬᠦ ᠭᠠᠷᠳᠠᠮ᠂ ᠠᠵᠢᠯ ᠣᠯᠭᠤᠯᠲᠠ ᠶᠢᠨ ᠳᠠᠩᠰᠠᠯᠠᠯᠲᠠ᠂ ᠬᠥᠳᠡᠯᠮᠦᠷᠢ ᠬᠦᠴᠦᠨ ᠢ ᠬᠡᠷᠡᠭᠯᠡᠬᠦ ᠳᠠᠩᠰᠠᠯᠠᠯᠲᠠ ᠵᠡᠷᠭᠡ ᠮᠠᠲ᠋ᠧᠷᠢᠶᠠᠯ ᠢ ᠴᠠᠭ ᠲᠤᠬᠠᠢ ᠳᠤ ᠨᠢ ᠰᠠᠨᠠᠭᠠᠴᠢᠯᠠᠭ᠎ᠠ ᠠᠴᠠ ᠪᠠᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠨᠠᠨ ᠲᠣᠳᠣᠯᠠᠵᠤ ᠡᠮᠬᠢᠯᠡᠭᠰᠡᠨ ᠤ ᠳᠠᠷᠠᠭ᠎ᠠ ᠲᠠᠩᠰᠠ ᠡᠪᠬᠡᠮᠡᠯ ᠳᠤ ᠣᠷᠣᠭᠤᠯᠤᠨ᠎ᠠ᠃
ᠠᠰᠠᠭᠤᠯᠲᠠ᠄ ᠬᠡᠷᠪᠡ ᠠᠵᠢᠯ ᠢᠶᠠᠨ ᠬᠠᠶᠠᠭᠠᠳ ᠳᠠᠬᠢᠨ ᠠᠵᠢᠯ ᠣᠯᠣᠭᠰᠠᠨ ᠪᠠᠶᠢᠪᠠᠯ᠂ ᠲᠠᠩᠰᠠ ᠡᠪᠬᠡᠮᠡᠯ ᠢ ᠬᠠᠮᠢᠭ᠎ᠠ ᠬᠠᠳᠠᠭᠠᠯᠠᠬᠤ ᠪᠣᠶ︖
ᠬᠠᠷᠢᠭᠤᠯᠲᠠ᠄ ᠲᠠᠩᠰᠠ ᠡᠪᠬᠡᠮᠡᠯ ᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠳᠠᠭᠠᠯᠠᠭᠰᠠᠨ ᠪᠠᠶᠢᠪᠠᠯ᠂ ᠤᠤᠯ ᠤᠨ ᠪᠠᠶᠢᠭᠤᠯᠤᠮᠵᠢ ᠦᠷᠭᠦᠯᠵᠢᠯᠡᠨ ᠬᠠᠳᠠᠭᠠᠯᠠᠨ ᠬᠠᠮᠢᠶᠠᠷᠤᠨ᠎ᠠ᠃ ᠲᠠᠩᠰᠠ ᠡᠪᠬᠡᠮᠡᠯ ᠢ ᠠᠵᠢᠯ ᠣᠯᠣᠭᠰᠠᠨ ᠭᠠᠵᠠᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠬᠠᠳᠠᠭᠠᠯᠠᠭᠰᠠᠨ ᠪᠠᠶᠢᠪᠠᠯ᠂ ᠴᠠᠭ ᠲᠤᠬᠠᠢ ᠳᠤ ᠨᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠲᠤ ᠪᠠᠨ ᠳᠠᠮᠵᠢᠭᠤᠯᠤᠨ ᠬᠦᠷᠭᠡᠬᠦ ᠪᠤᠶᠤ ᠰᠢᠨ᠎ᠡ ᠠᠵᠢᠯᠯᠠᠬᠤ ᠨᠢᠭᠡᠴᠢ ᠶᠢᠨ ᠰᠢᠨᠵᠢ ᠴᠢᠨᠠᠷ ᠢ ᠦᠨᠳᠦᠰᠦᠯᠡᠨ᠂ ᠰᠢᠨ᠎ᠡ ᠠᠵᠢᠯᠯᠠᠬᠤ ᠨᠢᠭᠡᠴᠢ ᠪᠤᠶᠤ ᠰᠢᠨ᠎ᠡ ᠠᠵᠢᠯ ᠣᠯᠣᠭᠰᠠᠨ ᠭᠠᠵᠠᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠳᠠᠮᠵᠢᠭᠤᠯᠤᠨ ᠬᠦᠷᠭᠡᠬᠦ ᠬᠡᠷᠡᠭᠲᠡᠢ᠃ ᠲᠠᠩᠰᠠ ᠡᠪᠬᠡᠮᠡᠯ ᠰᠢᠯᠵᠢᠭᠦᠯᠬᠦ ᠭᠠᠷᠳᠠᠮ ᠢ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠴᠣᠩᠬᠤᠪᠴᠢ ᠳᠤ ᠭᠦᠢᠴᠡᠳᠬᠡᠵᠦ ᠪᠣᠯᠬᠤ ᠪᠥᠭᠡᠳ ᠬᠠᠮᠢᠶ᠎ᠠ ᠪᠦᠬᠦᠢ ᠰᠦᠯᠵᠢᠶᠡᠨ ᠳᠡᠭᠡᠷᠡᠬᠢ ᠲᠠᠪᠴᠠᠩ ᠳᠤ ᠭᠦᠢᠴᠡᠳᠬᠡᠭᠰᠡᠨ ᠴᠦ ᠪᠣᠯᠣᠨ᠎ᠠ᠃
ᠠᠰᠠᠭᠤᠯᠲᠠ᠄ ᠲᠠᠩᠰᠠ ᠡᠪᠬᠡᠮᠡᠯ ᠤᠨ ᠬᠠᠮᠢᠶ᠎ᠠ ᠪᠦᠬᠦᠢ ᠦᠢᠯᠡᠴᠢᠯᠡᠭᠡ ᠶᠢ ᠰᠦᠯᠵᠢᠶᠡᠨ ᠳᠡᠭᠡᠷ᠎ᠡ ᠬᠡᠷᠬᠢᠨ ᠭᠦᠢᠴᠡᠳᠬᠡᠬᠦ ᠪᠣᠶ︖
ᠬᠠᠷᠢᠭᠤᠯᠲᠠ᠄ 2021 ᠣᠨ ᠤ ᠡᠴᠦᠰ ᠲᠤ᠂ ᠪᠥᠬᠦ ᠤᠯᠤᠰ ᠤᠨ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯᠯᠠᠬᠤ ᠲᠠᠪᠴᠠᠩ ᠢ ᠰᠦᠯᠵᠢᠶᠡᠨ ᠳᠤ ᠭᠠᠷᠭᠠᠵᠤ᠂ ᠲᠠᠩᠰᠠ ᠡᠪᠬᠡᠮᠡᠯ ᠤᠨ ᠰᠠᠭᠤᠷᠢ ᠮᠡᠳᠡᠭᠡ ᠵᠠᠩᠭᠢ ᠶᠢᠨ ᠳ᠋ᠠᠶᠢᠲ᠋ᠠ ᠶᠢ ᠨᠢᠭᠡᠨᠲᠡ ᠲᠠᠪᠴᠠᠩ ᠳᠤ ᠭᠠᠷᠭᠠᠭᠰᠠᠨ ᠨᠡᠭᠦᠳᠡᠯ ᠬᠥᠮᠥᠰ ᠤᠨ ᠰᠦᠯᠵᠢᠶᠡᠨ ᠳᠡᠭᠡᠷ᠎ᠡ ᠳᠠᠮᠵᠢᠭᠤᠯᠤᠨ ᠬᠦᠷᠭᠡᠵᠦ ᠬᠦᠯᠢᠶᠡᠨ ᠠᠪᠬᠤ ᠵᠡᠷᠭᠡ ᠥᠨᠳᠥᠷ ᠲᠠᠪᠲᠠᠮᠵᠢᠲᠦ ᠦᠢᠯᠡᠴᠢᠯᠡᠭᠡ ᠭᠦᠢᠴᠡᠳᠬᠡᠬᠦ ᠶᠢ ᠳᠡᠮᠵᠢᠵᠦ᠂ ᠪᠠᠰᠠ ᠬᠠᠮᠢᠶ᠎ᠠ ᠪᠦᠬᠦᠢ ᠲᠠᠩᠰᠠ ᠡᠪᠬᠡᠮᠡᠯ ᠳᠤ ᠣᠷᠣᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠯᠣᠨ᠎ᠠ᠃ ᠪᠣᠳᠠᠲᠠᠢ ᠲᠤᠬᠠᠶᠢᠯᠠᠭᠰᠠᠨ ᠠᠵᠢᠯ ᠢ ᠪᠥᠬᠦ ᠤᠯᠤᠰ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠳᠠᠩᠰᠠᠯᠠᠭᠤᠯᠤᠨ ᠨᠡᠪᠲᠡᠷᠡᠵᠦ᠂ ︽ᠮᠤᠵᠢ ᠠᠯᠤᠰᠯᠠᠭᠰᠠᠨ ᠨᠡᠭᠦᠳᠡᠯ ᠬᠥᠮᠥᠰ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡ︾ ᠲᠤᠰᠬᠠᠢ ᠪᠤᠯᠤᠩ ᠳᠤ ᠭᠦᠢᠴᠡᠳᠬᠡᠵᠦ ᠪᠣᠯᠣᠨ᠎ᠠ᠃