ᠡᠨᠡ ᠵᠢᠯ ᠤᠨ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠠᠵᠢᠯ ᠴᠢᠬᠤᠯᠠ ᠠᠬᠢᠯᠲᠠ ᠲᠠᠢ ᠪᠣᠯᠪᠠ
ᠨᠡᠶᠢᠲᠡᠯᠡᠭᠰᠡᠨ ᠴᠠᠭ᠄
2024/7/11

      7 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ‌‍ᠲ᠋ᠠᠨᠢᠯᠴᠠᠭᠤᠯᠬᠤ ᠳᠤ ᠪᠠᠨ᠂ ᠥᠪᠥᠷ ᠮᠣᠩᠭᠤᠯ ᠤᠨ ᠳᠡᠭᠡᠳᠦ ᠳᠣᠣᠷᠠᠳᠤ ᠱᠠᠲᠤ ᠪᠠᠷ ᠢᠶᠠᠨ ᠲᠤᠶᠢᠯ ᠤᠨ ᠶᠡᠭᠡ ᠠᠴᠢ ᠬᠠᠷᠢᠭᠤᠯᠠᠬᠤ ᠰᠡᠳᠬᠢᠯ ᠪᠣᠯᠣᠨ ᠡᠷᠡᠯᠬᠡᠭᠯᠡᠨ ᠤᠷᠤᠭᠰᠢᠯᠠᠬᠤ ᠵᠣᠷᠢᠭ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ︽ᠲᠠᠪᠤᠨ ᠶᠡᠭᠡ ᠡᠭᠦᠷᠭᠡ︾ ᠶᠢ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠶᠢᠨ ᠦᠷᠭᠦᠯᠵᠢᠯᠡᠬᠦ ᠴᠢᠨᠠᠷᠲᠠᠢ ᠭᠠᠷᠳᠠᠴᠠ᠂ ᠶᠡᠷᠦᠩᠬᠡᠶᠢᠯᠡᠨ ᠬᠠᠮᠢᠶᠠᠷᠬᠤ ᠴᠢᠨᠠᠷᠲᠠᠢ ᠱᠠᠭᠠᠷᠳᠠᠯᠭ᠎ᠠ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ ᠡᠯ᠎ᠡ ᠲᠤᠰᠬᠠᠢ ᠳᠤᠭᠤᠶᠢᠯᠠᠩ ᠤᠨ ᠬᠢᠨ ᠨᠢᠭᠲᠠ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ︽ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ︾ ᠶᠣᠰᠣᠭᠠᠷ ᠨᠢᠭᠡ ᠯᠡ ᠬᠥᠭ ᠢᠶᠠᠷ ᠬᠦᠴᠦᠯᠡᠨ ᠯᠠᠪᠳᠠᠭᠤᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠠᠵᠢᠯ ᠴᠢᠬᠤᠯᠠ ᠠᠬᠢᠴᠠ ᠪᠠ ᠢᠳᠡᠪᠬᠢᠲᠡᠢ ᠦᠷ᠎ᠡ ᠪᠦᠲᠦᠭᠡᠯ ᠣᠯᠵᠠᠢ ᠭᠡᠪᠡ᠃

      ︽ᠲᠠᠪᠤᠨ ᠶᠡᠭᠡ ᠡᠭᠦᠷᠭᠡ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠬᠥᠭᠵᠢᠯᠲᠡ ᠶᠢᠨ ᠪᠥᠬᠦ ᠲᠠᠯ᠎ᠠ ᠠᠴᠠ ᠡᠭᠦᠰᠴᠦ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠮᠥᠨ᠂ ᠡᠨᠡ ᠨᠢ ᠨᠠᠮ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠵᠢᠷᠤᠭᠯᠠᠯ ᠪᠠ ᠠᠯᠤᠰ ᠬᠡᠲᠦ ᠶᠢᠨ ᠪᠣᠳᠣᠯᠬᠢᠯᠠᠯ ᠢ ᠭᠦᠨᠵᠡᠭᠡᠢ ᠬᠠᠷᠠᠭᠤᠯᠵᠠᠢ᠃ ᠡᠨᠡ ᠲᠠᠪᠤᠨ ᠲᠠᠯ᠎ᠠ ᠶᠢᠨ ᠴᠢᠬᠤᠯᠠ ᠶᠡᠭᠡ ᠡᠭᠦᠷᠭᠡ ᠨᠢ ᠥᠪᠥᠷ ᠮᠣᠩᠭᠤᠯ ᠤᠨ ᠲᠣᠰ ᠪᠡᠶ᠎ᠡ ᠶᠢᠨ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠪᠠᠰᠠ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠦᠪᠰᠢᠨ ᠲᠠᠢ ᠬᠤᠯᠪᠣᠭᠳᠠᠵᠤ ᠪᠠᠶᠢᠳᠠᠭ᠂ ᠡᠨᠡ ᠪᠣᠯ ᠥᠪᠥᠷ ᠮᠣᠩᠭᠤᠯ ᠤᠨ ᠡᠷᠬᠡᠪᠰᠢ ᠦᠨᠡᠨ ᠬᠦ ᠡᠭᠦᠷᠭᠡᠯᠡᠵᠦ᠂ ᠬᠢᠨᠠᠮᠠᠭᠠᠢ ᠰᠠᠶᠢᠲᠤᠷ ᠭᠦᠢᠴᠡᠳᠬᠡᠬᠦ ᠬᠡᠷᠡᠭᠲᠡᠢ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ᠃

      ᠥᠪᠥᠷ ᠮᠣᠩᠭᠤᠯ ᠤᠷᠳᠤ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠨᠢᠭᠡᠳᠦᠯᠲᠡᠢ ᠲᠦᠯᠦᠪᠯᠡᠨ ᠰᠦᠪᠡᠭᠴᠢᠯᠡᠬᠦ ᠪᠠᠨ ᠴᠢᠩᠭᠠᠳᠬᠠᠨ᠂ ᠨᠢᠭᠡ ᠴᠣᠭᠴᠠᠵᠢᠭᠤᠯᠤᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠴᠢᠬᠤᠯᠠ ᠪᠠᠶᠢᠷᠢᠨ ᠳᠤ ᠲᠠᠯᠪᠢᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠᠷ ᠵᠠᠩᠭᠢᠯᠠᠭ᠎ᠠ ᠶᠢᠨ ᠭᠠᠷᠳᠠᠴᠠ ᠪᠣᠯᠭᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠴᠢᠩᠭ᠎ᠠ ᠠᠳᠬᠤᠨ ᠪᠣᠳᠠᠲᠠᠢ ᠠᠵᠢᠯᠯᠠᠵᠤ᠂ ᠭᠤᠣᠯᠳᠠᠯᠭ᠎ᠠ ᠲᠠᠢ ᠡᠭᠦᠷᠭᠡ ᠶᠢᠨ ᠰᠢᠨ᠎ᠡ ᠵᠢᠳᠬᠦᠯ ᠲᠠᠢ ᠪᠣᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ ᠢ ᠲᠣᠭᠲᠠᠭᠠᠵᠤ᠂ ᠨᠢᠭᠡᠳᠦᠯᠲᠡᠢ ᠲᠥᠯᠥᠪᠯᠡᠨ ᠰᠦᠪᠡᠭᠴᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠤᠷᠮᠠᠰᠢᠭᠤᠯᠵᠤ ᠬᠢᠨᠠᠨ ᠰᠢᠯᠭᠠᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ᠂ ᠤᠬᠠᠭᠤᠯᠤᠨ ᠮᠡᠳᠡᠭᠡᠯᠡᠬᠦ ᠵᠡᠷᠭᠡ ᠳᠦᠷᠢᠮ ᠢ ᠪᠦᠷᠢᠨᠰᠢᠭᠦᠯᠦᠨ᠂ ᠬᠤᠷᠳᠤᠨ ᠮᠣᠷᠢᠨ ᠳᠤ ᠲᠠᠰᠢᠭᠤᠷ ᠨᠡᠮᠡᠵᠦ ᠡᠯ᠎ᠡ ᠵᠦᠢᠯ ᠤᠨ ᠠᠵᠢᠯ ᠢ ᠠᠬᠢᠭᠤᠯᠪᠠ᠃ ᠡᠭᠦᠨ ᠤ ᠬᠠᠮᠲᠤ᠂ ᠥᠪᠥᠷ ᠮᠣᠩᠭᠤᠯ ︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠥᠯ ᠳᠤ ᠪᠠᠴᠢᠮ ᠶᠠᠭᠠᠷᠠᠯᠲᠠᠢ ᠵᠠᠰᠠᠪᠤᠷᠢ ᠣᠷᠣᠭᠤᠯᠵᠤ᠂ ︽ᠲᠠᠪᠤᠨ ᠶᠡᠭᠡ ᠡᠭᠦᠷᠭᠡ︾ ᠶᠢᠨ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠲᠥᠰᠦᠯ ᠢ ᠵᠢᠭᠰᠠᠭᠠᠵᠤ᠂ ᠬᠠᠷᠠᠯᠲᠠ ᠪᠠᠨ ᠬᠡᠮᠵᠢᠶᠡᠯᠡᠨ᠂ ᠡᠭᠦᠷᠭᠡ ᠪᠠᠨ ᠲᠣᠳᠣᠷᠬᠠᠶᠢᠯᠠᠬᠤ ᠶᠢᠨ ᠬᠠᠮᠲᠤ ︽ᠲᠠᠪᠤᠨ ᠶᠡᠭᠡ ᠡᠭᠦᠷᠭᠡ︾ ᠶᠢᠨ ᠠᠵᠢᠯ ᠤᠨ ᠦᠷ᠎ᠡ ᠪᠦᠲᠦᠮᠵᠢ ᠶᠢ ᠺᠠᠳ᠋ᠷ ᠢ ᠬᠢᠨᠠᠨ ᠰᠢᠯᠭᠠᠵᠤ ᠦᠨᠡᠯᠡᠬᠦ᠂ ᠱᠠᠩᠨᠠᠵᠤ ᠲᠣᠷᠭᠠᠬᠤ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠬᠤᠯᠠᠴᠢᠯᠠᠬᠤ᠂ ᠠᠵᠢᠯ ᠶᠠᠪᠤᠳᠠᠯ ᠬᠢᠬᠦ ᠳᠤ ᠪᠠᠨ ᠲᠡᠷᠢᠭᠦᠨ ᠢ ᠲᠡᠮᠡᠴᠡᠬᠦ᠂ ᠠᠵᠢᠯ ᠢᠶᠠᠨ ᠨᠠᠶᠢᠳᠠᠪᠤᠷᠢᠵᠢᠭᠤᠯᠬᠤ ᠰᠠᠶᠢᠨ ᠣᠷᠴᠢᠯ ᠢ ᠪᠣᠶ ᠪᠣᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ 212 ᠵᠦᠢᠯ ᠤᠨ ᠣᠨ ᠤ ᠭᠤᠣᠯᠳᠠᠯᠭ᠎ᠠ ᠲᠠᠢ ᠡᠭᠦᠷᠭᠡ ᠶᠢᠨ 13 ᠵᠦᠢᠯ ᠢ ᠨᠢᠭᠡᠨᠲᠡ ᠪᠡᠶᠡᠯᠡᠭᠦᠯᠵᠦ᠂ ᠪᠤᠰᠤᠳ 199 ᠵᠦᠢᠯ ᠤᠨ ᠠᠵᠢᠯ ᠤᠨ ᠠᠬᠢᠴᠠ ᠨᠢ ᠴᠦᠮ 50% ᠠᠴᠠ ᠳᠡᠭᠡᠭᠰᠢ ᠬᠦᠷᠴᠦ᠂ ᠴᠠᠭ ᠨᠢ ᠬᠠᠭᠠᠰ ᠰᠢᠬᠠᠮ ᠬᠦᠷᠬᠦ ᠳᠤ ᠡᠭᠦᠷᠭᠡ ᠪᠠᠨ ᠴᠦ ᠬᠠᠭᠠᠰᠯᠠᠵᠤ᠂ ᠵᠠᠷᠢᠮ ᠭᠤᠣᠯᠳᠠᠯᠭ᠎ᠠ ᠲᠠᠢ ᠠᠵᠢᠯ ᠳᠤ ᠴᠥᠮ ᠰᠢᠨ᠎ᠡ ᠦᠷ᠎ᠡ ᠪᠦᠲᠦᠭᠡᠯ ᠣᠯᠵᠤ᠂ ᠰᠢᠨ᠎ᠡ ᠳᠡᠭᠲᠡᠷ ᠲᠤ ᠭᠠᠷᠤᠭᠰᠠᠨ ᠪᠠᠶᠢᠨ᠎ᠠ᠃

      ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ ᠨᠢᠳᠤᠨᠤᠨ ᠪᠦᠬᠦ ᠣᠷᠣᠨ ᠤ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠠᠯᠠᠪᠠᠢ 950 ᠲᠦᠮᠡᠨ ᠮᠦ ᠳᠤ ᠬᠦᠷᠴᠦ᠂ ᠵᠢᠯ ᠤᠨ ᠡᠬᠢᠨ ᠤ ᠲᠥᠯᠥᠪᠯᠡᠭᠡ ᠶᠢᠨ 1.5 ᠲᠠᠬᠢᠨ ᠪᠣᠯᠵᠠᠢ᠃ ᠡᠨᠡ ᠵᠢᠯ ᠠᠴᠠ ᠨᠠᠭᠠᠰᠢ ᠮᠠᠨ ᠤ ᠣᠷᠣᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠨᠢᠭᠡᠨᠲᠡ 1147 ᠲᠦᠮᠡᠨ ᠮᠦ ᠪᠡᠶᠡᠯᠡᠭᠦᠯᠵᠦ᠂ ᠵᠢᠱᠢᠯᠲᠡ ᠪᠠᠷ 2030 ᠣᠨ ᠪᠣᠯᠬᠤ ᠳᠤ 9700 ᠲᠦᠮᠡᠨ ᠮᠦ ᠡᠯᠡᠰᠦ ᠶᠢ ᠵᠠᠰᠠᠬᠤ ᠪᠣᠯᠣᠨ᠎ᠠ᠃ ᠮᠠᠨ ᠤ ᠣᠷᠣᠨ ᠶᠠᠭ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠭᠡᠷᠡᠯᠴᠢ ᠴᠡᠨᠡᠭ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠵᠤ ᠡᠯᠡᠰᠦ ᠶᠢ ᠵᠠᠰᠠᠬᠤ ᠰᠢᠨ᠎ᠡ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽1+1>2︾ ᠦᠷ᠎ᠡ ᠪᠦᠲᠦᠮᠵᠢ ᠣᠯᠬᠤ ᠪᠠᠷ ᠴᠢᠷᠮᠠᠶᠢᠵᠤ ᠪᠠᠶᠢᠨ᠎ᠠ᠃

      ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ᠂ 2022 ᠣᠨ ᠠᠴᠠ ᠨᠠᠭᠠᠰᠢ ᠮᠠᠨ ᠤ ᠣᠷᠣᠨ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ︾ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ 3 ᠵᠢᠯ ᠤᠨ ᠠᠵᠢᠯᠯᠠᠭᠠᠨ ᠢᠶᠠᠷ ᠳᠠᠮᠵᠢᠭᠤᠯᠤᠨ᠂ ᠬᠢᠯᠢ ᠬᠢᠵᠠᠭᠠᠷ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠳᠤ ᠳᠦᠭᠦᠮᠯᠡᠬᠦ᠂ ᠴᠠᠬᠢᠯᠭᠠᠨ ᠬᠡᠷᠡᠭᠯᠡᠬᠦ ᠳᠤ ᠲᠣᠭᠲᠠᠭᠤᠨ ᠨᠠᠶᠢᠳᠠᠪᠤᠷᠢᠲᠠᠢ ᠪᠠᠶᠢᠬᠤ᠂ ᠵᠠᠮ ᠤᠨ ᠲᠣᠣᠷ ᠢ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠭᠦᠯᠬᠦ᠂ ᠳᠣᠬᠢᠶ᠎ᠠ ᠶᠢ ᠲᠦᠷᠭᠡᠨ ᠬᠤᠷᠳᠤᠴᠠ ᠪᠠᠷ ᠨᠡᠪᠲᠡᠷᠡᠭᠦᠯᠬᠦ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠨ᠎ᠠ᠃

      ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠨᠢᠳᠤᠨᠤᠨ ᠮᠠᠨ ᠤ ᠣᠷᠣᠨ ᠡᠨᠧᠷᠭᠢ ᠶᠢᠨ ᠰᠤᠷᠪᠤᠯᠵᠢ ᠶᠢᠨ ᠬᠦᠷᠢᠶᠡᠨ ᠳᠤ ︽10 ᠪᠦᠬᠦ ᠤᠯᠤᠰ ᠲᠤ ᠨᠢᠭᠡᠳᠦᠭᠡᠷ︾ ᠢ ᠪᠡᠶᠡᠯᠡᠭᠦᠯᠪᠡ᠃ ᠡᠨᠡ ᠵᠢᠯ ᠤᠨ 5 ᠳ᠋ᠤᠭᠠᠷ ᠰᠠᠷ᠎ᠠ ᠳᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠨᠢᠭᠡᠨᠲᠡ 1 ᠳ᠋ᠦᠩᠰᠢᠭᠤᠷ ᠺᠢᠯᠣᠸᠠᠲ ᠢ ᠤᠷᠢᠳ ᠢᠶᠠᠷ ᠳᠠᠪᠠᠵᠤ᠂ ᠵᠢᠯ ᠤᠨ ᠡᠴᠦᠰ ᠲᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠠᠴᠠ ᠳᠠᠪᠠᠭᠤᠯᠬᠤ ᠬᠠᠷᠠᠯᠲᠠ ᠶᠢ ᠪᠥᠬᠦ ᠤᠯᠤᠰ ᠲᠤ ᠲᠡᠷᠢᠭᠦᠯᠡᠨ ᠪᠡᠶᠡᠯᠡᠭᠦᠯᠬᠦ ᠪᠣᠯᠣᠨ᠎ᠠ᠃

      ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ᠂ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 5237 ᠲᠦᠮᠡᠨ ᠮᠦ ᠪᠠᠶᠢᠭᠤᠯᠵᠤ᠂ ᠪᠥᠬᠦ ᠣᠷᠣᠨ ᠤ 2/3   ᠠᠴᠠ ᠳᠡᠭᠡᠭᠰᠢᠬᠢ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ ᠲᠤᠰᠠᠯᠠᠭᠰᠠᠨ ᠪᠠᠶᠢᠨ᠎ᠠ᠃ ᠡᠨᠡ ᠵᠢᠯ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠦ ᠪᠠᠶᠢᠭᠤᠯᠬᠤ ᠪᠠᠷ ᠲᠥᠯᠥᠪᠯᠡᠵᠦ ᠪᠤᠢ᠃ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠶᠠᠰᠤ ᠴᠢᠨᠠᠷ ᠤᠨ ᠬᠤᠣᠰ ᠳᠡᠭᠡᠭᠰᠢᠯᠡᠯᠲᠡ ᠶᠢ ᠢᠳᠡᠪᠬᠢᠲᠡᠢ ᠠᠬᠢᠭᠤᠯᠬᠤ ᠶᠢᠨ ᠲᠥᠯᠥᠭᠡ᠂ ᠮᠠᠨ ᠤ ᠣᠷᠣᠨ ︽ᠲᠠᠷᠢᠶᠠᠨ ᠭᠠᠵᠠᠷ ᠤᠨ ᠠᠷᠪᠠᠨ ᠨᠢᠭᠡᠨ ᠵᠤᠷᠪᠤᠰ︾ ᠲᠤ ᠵᠠᠰᠠᠪᠤᠷᠢ ᠣᠷᠤᠭᠤᠯᠤᠭᠠᠳ 2.0 ᠬᠡᠪᠯᠡᠯ ᠢ ᠨᠡᠶᠢᠲᠡᠯᠡᠵᠦ᠂ 2032 ᠣᠨ ᠪᠣᠯᠬᠤ ᠳᠤ ᠡᠩ ᠲᠡᠷᠢᠭᠦᠨ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢ ᠦᠨᠡᠨ ᠬᠦ ᠪᠠᠲᠤᠯᠠᠨ᠎ᠠ᠃

      ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠨᠢᠳᠤᠨᠤᠨ ᠮᠠᠨ ᠤ ᠣᠷᠣᠨ ᠤ ᠪᠣᠭᠤᠮᠲᠠ ᠶᠢᠨ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ 1 ᠳ᠋ᠦᠩᠰᠢᠭᠤᠷ ᠲᠣᠨ ᠢ ᠳᠠᠪᠠᠵᠤ᠂ ᠪᠥᠬᠦ ᠤᠯᠤᠰ ᠤᠨ ᠬᠠᠭᠤᠷᠠᠢ ᠵᠠᠮ ᠤᠨ ᠬᠢᠯᠢ ᠳᠠᠭᠠᠤ ᠶᠢᠨ ᠪᠣᠭᠤᠮᠲᠠ ᠶᠢᠨ ᠲᠡᠮᠳᠡᠭᠯᠡᠯ ᠢ ᠰᠢᠨᠡᠳᠬᠡᠪᠡ᠃ ᠡᠨᠡ ᠵᠢᠯ ᠤᠨ 3 ᠳ᠋ᠤᠭᠠᠷ ᠰᠠᠷ᠎ᠠ ᠳᠤ᠂ ᠳᠤᠮᠳᠠᠳᠤ ᠮᠣᠩᠭᠤᠯ ᠤᠨ ᠡᠷᠢᠶᠡᠨ ᠬᠤᠲᠠ — ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠢᠩᠬᠢᠨᠢ ᠪᠠᠷ ᠴᠣᠬᠤᠯᠠᠪᠤᠷᠢᠯᠠᠨ ᠪᠠᠶᠢᠭᠤᠯᠪᠠ᠂ ᠡᠨᠡ ᠪᠣᠯ ᠮᠠᠨ ᠤ ᠤᠯᠤᠰ ᠬᠢᠭᠡᠳ ᠬᠥᠷᠰᠢ ᠵᠡᠷᠭᠡᠯᠡᠳᠡᠭᠡ ᠤᠯᠤᠰ ᠤᠨ ᠪᠠᠶᠢᠭᠤᠯᠤᠭᠰᠠᠨ ᠭᠤᠷᠪᠠᠳᠠᠭᠢ ᠤᠯᠤᠰ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠪᠣᠯᠣᠨ᠎ᠠ᠂ ᠡᠨᠡ ᠨᠢ ᠬᠢᠯᠢ ᠳᠠᠭᠠᠤ ᠶᠢᠨ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠦᠢᠯᠡᠴᠢᠯᠡᠭᠡ ᠶᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠳᠤ ᠠᠭᠤᠰᠤᠯᠴᠠᠭᠤᠯᠬᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠠᠪᠴᠢᠷᠠᠬᠤ ᠪᠣᠯᠣᠨ᠎ᠠ᠃

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ