ᠳᠤᠮᠳᠠᠳᠤ ᠤᠯᠤᠰ ᠲᠤ ᠰᠠᠭᠤᠭ᠎ᠠ 32 ᠤᠯᠤᠰ ᠤᠨ ᠡᠯᠴᠢᠨ ᠰᠠᠶᠢᠳ ᠮᠠᠨ ᠤ ᠣᠷᠣᠨ ᠢᠶᠠᠷ ᠠᠶᠢᠯᠴᠢᠯᠠᠪᠠ
ᠨᠡᠶᠢᠲᠡᠯᠡᠭᠰᠡᠨ ᠴᠠᠭ᠄
2024/7/11

      7 ᠳ᠋ᠤᠭᠠᠷ ᠰᠠᠷ᠎ᠠ ᠶᠢᠨ 10 ᠤ ᠡᠳᠦᠷ᠂ ᠳᠤᠮᠳᠠᠳᠤ ᠤᠯᠤᠰ ᠲᠤ ᠰᠠᠭᠤᠭ᠎ᠠ ᠠᠹᠷᠢᠺᠠ ᠲᠢᠪ᠂ ᠠᠽᠢᠶ᠎ᠠ ᠲᠢᠪ᠂ ᠧᠦ᠋ᠷᠣᠫᠠ ᠲᠢᠪ᠂ ᠤᠮᠠᠷᠠᠲᠤ ᠠᠮᠧᠷᠢᠺᠠ ᠲᠢᠪ᠂ ᠡᠮᠦᠨᠡᠲᠦ ᠠᠮᠧᠷᠢᠺᠠ ᠲᠢᠪ᠂ ᠶᠡᠭᠡ ᠳᠠᠯᠠᠢ ᠶᠢᠨ ᠲᠢᠪ ᠤᠨ 32 ᠤᠯᠤᠰ ᠤᠨ ᠡᠯᠴᠢᠨ ᠰᠠᠶᠢᠳ ᠮᠠᠨ ᠤ ᠣᠷᠣᠨ ᠢᠶᠠᠷ ᠠᠶᠢᠯᠴᠢᠯᠠᠪᠠ᠃

      ᠠᠶᠢᠯᠴᠢᠯᠠᠯᠲᠠ ᠶᠢᠨ ᠪᠦᠯᠬᠦᠮ ᠤᠷᠢᠳ ᠢᠶᠠᠷ ᠤᠯᠠᠭᠠᠨᠴᠠᠪ ᠬᠤᠲᠠᠨ ᠳᠤ ᠬᠦᠷᠴᠦ᠂ ᠬᠦᠢᠲᠡᠨᠰᠢᠯᠢ ᠳᠤ ᠨᠠᠭᠠᠳᠤᠮ ᠦᠵᠡᠨ᠂ ᠲᠠᠯ᠎ᠠ ᠨᠤᠲᠤᠭ ᠤᠨ ᠭᠤᠴᠤ ᠰᠠᠶᠢᠬᠠᠨ ᠪᠠᠶᠢᠭᠠᠯᠢ ᠶᠢᠨ ᠦᠵᠡᠮᠵᠢ ᠶᠢ ᠣᠶᠢᠯᠠᠭᠠᠪᠠ᠃ ᠬᠥᠬᠡᠬᠤᠲᠠ ᠳᠤ᠂ ᠤᠯᠠᠭᠠᠨᠮᠥ᠋ᠴᠢᠷ ᠤᠨ ᠲᠣᠭᠯᠠᠯᠲᠠ ᠶᠢ ᠰᠣᠨᠢᠷᠬᠠᠵᠤ᠂ ᠥᠪᠥᠷ ᠮᠣᠩᠭᠤᠯ ᠤᠨ ᠥᠪᠡᠷᠮᠢᠴᠡ ᠰᠣᠶᠣᠯ ᠤᠨ ᠷᠢᠳᠢ ᠰᠢᠳᠢ ᠶᠢ ᠮᠡᠳᠡᠷᠡᠪᠡ᠃

     ︽ᠲᠠ ᠨᠠᠷ ᠤᠨ ᠬᠤᠪᠴᠠᠰᠤ ᠭᠤᠶᠤ ᠪᠠᠶᠢᠨ᠎ᠠ︕︾ ᠤᠯᠠᠭᠠᠨᠴᠠᠪ ᠤᠨ ᠥᠨᠳᠥᠷ ᠬᠤᠷᠳᠤᠴᠠᠲᠤ ᠲᠡᠮᠦᠷ ᠵᠠᠮ ᠤᠨ ᠥᠷᠲᠡᠭᠡᠨ ᠳᠤ ᠬᠦᠷᠬᠦ ᠳᠤ᠂ ᠳᠤᠮᠳᠠᠳᠤ ᠤᠯᠤᠰ ᠲᠤ ᠰᠠᠭᠤᠭ᠎ᠠ ᠺᠠᠲ᠋ᠠᠷ ᠤᠨ ᠡᠯᠴᠢᠨ ᠰᠠᠶᠢᠳ ᠤᠨ ᠶᠠᠮᠤᠨ ᠤ ᠠᠯᠪᠠᠨ ᠡᠯᠴᠢ ᠰᠠᠷᠠ•ᠰᠠᠲᠠ ᠶᠢᠨ ᠠᠩᠬᠠᠷᠤᠯ ᠤᠭᠲᠤᠯᠭ᠎ᠠ ᠶᠢᠨ ᠬᠦᠮᠦᠰ ᠤᠨ ᠬᠤᠪᠴᠠᠰᠤᠨ ᠳᠤ ᠲᠠᠲᠠᠭᠳᠠᠵᠠᠢ᠂ ᠲᠡᠷᠡ᠄ ︽ᠢᠷᠡᠬᠦ ᠠᠴᠠ ᠪᠠᠨ ᠡᠮᠦᠨ᠎ᠡ ᠪᠢ ᠬᠤᠯᠪᠣᠭᠳᠠᠯ ᠪᠦᠬᠦᠢ ᠮᠠᠲ᠋ᠧᠷᠢᠶᠠᠯ ᠡᠷᠢᠵᠦ᠂ ᠥᠪᠥᠷ ᠮᠣᠩᠭᠤᠯ ᠤᠨ ᠭᠦᠨ ᠵᠤᠵᠠᠭᠠᠨ ᠲᠡᠤᠬᠡ ᠰᠣᠶᠣᠯ ᠤᠨ ᠠᠭᠤᠯᠬᠤᠨ᠂ ᠢᠯᠡ ᠲᠣᠳᠣ ᠭᠠᠵᠠᠷ ᠣᠷᠣᠨ ᠤ ᠰᠣᠶᠣᠯ ᠤᠨ ᠣᠨᠴᠠᠯᠢᠭ ᠪᠠ ᠡᠯᠪᠡᠭ ᠪᠠᠶᠠᠯᠢᠭ ᠠᠭᠤᠯᠤᠭᠳᠠᠬᠤᠨ ᠢ ᠣᠶᠢᠯᠠᠭᠠᠪᠠ᠂ ᠡᠳᠡᠭᠡᠷ ᠨᠢ ᠴᠥᠮ ᠡᠨᠡ ᠤᠳᠠᠭᠠᠨ ᠤ ᠠᠶᠢᠯᠴᠢᠯᠠᠯᠳᠠ ᠶᠢᠨ ᠭᠤᠤᠯᠳᠠᠯᠭ᠎ᠠ ᠮᠥᠨ︾ ᠭᠡᠵᠡᠢ᠃

      ︽ᠵᠠᠬ᠎ᠠ ᠬᠢᠵᠠᠭᠠᠷ ᠨᠢ ᠦᠵᠡᠭᠳᠡᠬᠦ ᠦᠭᠡᠢ ᠲᠠᠯ᠎ᠠ ᠦᠨᠡᠬᠡᠷ ᠦᠵᠡᠰᠭᠦᠯᠡᠩ ᠲᠠᠢ ᠬᠠᠷᠠᠭᠳᠠᠨ᠎ᠠ᠂ ᠬᠦᠬᠡ ᠣᠭᠲᠠᠷᠭᠤᠢ ᠬᠥᠪᠥᠩ ᠴᠠᠭᠠᠨ ᠡᠭᠦᠯᠡᠰ᠂ ᠰᠢᠪᠠᠭᠤᠨ ᠤ ᠵᠢᠷᠭᠢᠭᠡ ᠴᠡᠴᠡᠭ ᠤᠨ ᠠᠩᠬᠢᠯᠤᠭᠤᠨ᠂ ᠰᠢᠨ᠎ᠡ ᠰᠣᠷᠭᠤᠭ ᠠᠭᠠᠷ᠂ ᠲᠠᠭᠠᠯᠠᠮᠵᠢᠲᠠᠢ ᠳᠤᠯᠠᠭᠠᠴᠠ᠂ ᠡᠨᠡ ᠪᠦᠬᠦᠨ ᠶᠤᠰᠤᠲᠠᠢ ᠲᠠᠭᠠᠲᠠᠢ ᠪᠠᠶᠢᠨ᠎ᠠ︕ ᠪᠢ ᠵᠢᠷᠤᠭ ᠢᠯᠡᠭᠦᠬᠡᠨ ᠠᠪᠴᠤ ᠭᠡᠷ ᠤᠨ ᠬᠥᠮᠦᠰ ᠨᠠᠶᠢᠵᠠ ᠨᠠᠷ ᠲᠤ ᠪᠠᠨ ᠶᠠᠪᠤᠭᠤᠯᠤᠨ᠎ᠠ᠂ ᠪᠠᠰᠠ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠢᠶᠠᠨ ᠬᠠᠮᠠᠭᠠᠯᠠᠵᠤ ᠪᠦᠬᠦᠢ ᠰᠠᠶᠢᠨ ᠲᠤᠷᠰᠢᠯᠭ᠎ᠠ ᠰᠢᠯᠢᠳᠡᠭ ᠠᠷᠭ᠎ᠠ ᠶᠢ ᠨᠢ ᠰᠤᠷᠤᠯᠴᠠᠨ᠎ᠠ︾ ᠭᠡᠵᠦ ᠰᠠᠶ᠋ᠢᠬᠠᠨ ᠬᠦᠷᠴᠦ ᠢᠷᠡᠭᠰᠡᠨ ᠳᠤᠮᠳᠠᠲᠤ ᠤᠯᠤᠰ ᠲᠤ ᠰᠠᠭᠤᠭ᠎ᠠ ᠪᠦᠭᠦᠳᠡ ᠨᠠᠶᠢᠷᠠᠮᠳᠠᠬᠤ ᠢᠨᠳᠤᠨᠧᠰᠢᠶ᠎ᠠ ᠶᠢᠨ ᠡᠯᠴᠢᠨ ᠰᠠᠶᠢᠳ ᠤᠨ ᠶᠠᠮᠤᠨ ᠤ ᠠᠯᠪᠠᠨ ᠡᠯᠴᠢ ᠫᠸᠢ ᠯᠢᠶᠠᠨ ᠵᠢᠶᠧ ᠭᠠᠷ ᠤᠲᠠᠰᠤ ᠪᠠᠷ ᠢᠶᠠᠨ ᠰᠡᠭᠦᠳᠡᠷᠯᠡᠵᠦ ᠶᠠᠭᠠᠷᠠᠨ᠎ᠠ᠃

       ︽ᠥᠪᠥᠷ ᠮᠣᠩᠭᠤᠯ ᠤᠨ ᠬᠤᠨᠢᠨ ᠮᠢᠬ᠎ᠠ ᠠᠮᠲᠠᠲᠠᠢ ᠭᠡᠰᠡᠨ ᠢ ᠠᠯᠢ ᠬᠡᠳᠦᠶᠢᠨ ᠠᠴᠠ ᠪᠠᠨ ᠰᠣᠨᠣᠰᠣᠭᠰᠠᠨ᠂ ᠥᠨᠥᠳᠥᠷ ᠠᠮᠲᠠᠯᠠᠭᠰᠠᠨ ᠴᠢᠨᠢ ᠭᠤᠶᠤ ᠪᠠᠶᠢᠨ᠎ᠠ︕︾ ᠮᠠᠯᠴᠢᠨ ᠤ ᠮᠣᠩᠭᠤᠯ ᠭᠡᠷ ᠲᠤ ᠳᠤᠮᠳᠠᠳᠤ ᠤᠯᠤᠰ ᠲᠤ ᠰᠠᠭᠤᠭ᠎ᠠ ᠫᠠᠫᠦ᠋ᠶᠠ ᠰᠢᠨ᠎ᠡ ᠭᠢᠨᠧᠶᠠ ᠶᠢᠨ ᠡᠯᠴᠢᠨ ᠰᠠᠶᠢᠳ ᠤᠨ ᠶᠠᠮᠤᠨ ᠤ ᠲᠦᠷ ᠣᠷᠣᠯᠠᠨ ᠭᠦᠢᠴᠡᠳᠬᠡᠭᠴᠢ ᠷᠦᠪᠧᠨ•ᠢᠨᠦ‍ ᠨᠢᠭᠡ ᠬᠡᠰᠡᠭ ᠮᠢᠬ᠎ᠠ ᠢᠳᠡᠭᠡᠳ ᠲᠡᠷᠡ᠄ ︽ᠠᠳᠡᠬᠢ ᠠᠮᠢᠳᠤᠷᠠᠯ ᠤᠨ ᠠᠭᠤᠷ ᠠᠮᠢᠰᠬᠤᠯ ᠢ ᠮᠠᠰᠢ ᠪᠠᠭ᠋ᠠᠷᠬᠠᠯ᠎ᠠ᠂ ᠤᠯᠠᠨ ᠢᠶᠠᠷ ᠢᠶᠠᠨ ᠬᠠᠷᠢᠯᠴᠠᠨ ᠬᠠᠪᠰᠤᠷᠤᠯᠴᠠᠵᠤ᠂ ᠡᠶ᠎ᠡ ᠨᠠᠶᠢᠷᠠᠮᠳᠠᠭᠤ ᠪᠠᠷ ᠬᠠᠮᠲᠤ ᠣᠷᠤᠰᠢᠨ᠂ ᠨᠢᠭᠡ ᠭᠡᠷ ᠤᠨ ᠰᠢᠭ᠋ ᠳᠣᠲᠣᠨᠣ ᠪᠠᠶᠢᠨ᠎ᠠ︾ ᠭᠡᠪᠡ᠃

      ᠣᠶᠢᠯᠠᠭᠠᠭᠰᠠᠨ ᠢᠶᠠᠷ᠂ 4 ᠡᠳᠦᠷ ᠤᠨ ᠬᠤᠭᠤᠴᠠᠭᠠᠨ ᠳᠤ᠂ ᠠᠶᠢᠯᠴᠢᠯᠠᠯᠲᠠ ᠶᠢᠨ ᠪᠦᠯᠬᠦᠮ ᠤᠯᠠᠭᠠᠨᠴᠠᠪ ᠬᠤᠲᠠ᠂ ᠬᠥᠬᠡᠬᠤᠲᠠ᠂ ᠣᠷᠳᠣᠰ ᠬᠤᠲᠠᠨ ᠳᠤ ᠲᠥᠯᠥᠭᠡᠯᠡᠬᠦ ᠴᠢᠨᠠᠷᠲᠠᠶ ᠠᠵᠤ ᠠᠬᠤᠶ ᠨᠡᠶᠢᠭᠡᠮ ᠰᠣᠶᠣᠯ ᠤᠨ ᠬᠥᠭᠵᠢᠯᠲᠡ ᠶᠢᠨ ᠲᠦᠰᠦᠯ ᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠭᠠᠳ᠂ ᠡᠯᠡᠰᠦᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠰᠢᠨ᠎ᠡ ᠡᠨᠧᠷᠭᠢ ᠵᠢᠴᠢ ᠭᠡᠷᠡᠯᠴᠢ ᠴᠡᠨᠡᠭ ᠤᠨ ᠪᠥᠬᠦ ᠠᠵᠤ ᠦᠢᠯᠡᠰ ᠤᠨ ᠬᠡᠯᠬᠢᠶ᠎ᠡ ᠵᠡᠷᠭᠡ ᠲᠦᠰᠦᠯ ᠤᠳ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠢᠯᠠᠩᠭᠤᠶ᠎ᠠ ᠤᠶᠤᠨᠲᠤ ᠲᠠᠷᠢᠶᠠᠯᠠᠩ᠂ ᠪᠣᠬᠢᠷᠲᠤᠯ ᠥᠬᠡᠶ ᠠᠵᠤ ᠠᠬᠤᠶ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠬᠥᠭᠵᠢᠯᠲᠡ ᠶᠢᠨ ᠦᠷ᠎ᠡ ᠪᠦᠲᠦᠭᠡᠯ ᠤᠳ ᠢ ᠣᠶᠢᠯᠠᠭᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ